ᠶᠢᠨ ᠬᠤᠩ ᠱᠧᠩ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠤᠯ ᠥᠷᠨᠢᠭᠦᠯᠪᠡ
ᠨᠡᠶᠢᠲᠡᠯᠡᠭᠰᠡᠨ ᠴᠠᠭ᠄
2024/11/4
20240125092537300p1lo39.jpg
    1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠦᠷᠦᠪᠳᠢᠶᠧ ᠪᠠᠯᠭᠠᠰᠤᠨ ᠤ ᠬᠤᠩ ᠴᠢ ᠲᠣᠰᠬᠤᠨ᠂ ᠦᠷᠦᠪᠳᠢᠶᠧ ᠠᠩᠴᠢᠨ ᠲᠣᠰᠬᠤᠨ᠂ ᠳ᠋ᠠ ᠶᠠᠩ ᠱᠤ᠋ ᠪᠠᠯᠭᠠᠰᠤᠨ ᠤ  ᠳᠦᠸᠧ ᠪᠦ᠋ ᠺᠦᠷ ᠤᠨ ᠠᠩᠴᠢᠨ ᠲᠣᠰᠬᠤᠨ ᠳᠤ ᠬᠦᠷᠴᠦ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠭᠡᠰᠢᠭᠦᠳ ᠢ ᠪᠣᠯᠭᠤᠭᠠᠨ ᠦᠵᠡᠵᠦ᠂ ᠣᠷᠴᠣᠨ ᠦᠨᠳᠦᠰᠦᠲᠡᠨ ᠤ ᠨᠠᠰᠤᠲᠠᠶᠢᠴᠤᠳ ᠤᠨ ᠳᠣᠲᠣᠷᠠᠬᠢ ᠱᠤ᠋ ᠮᠧᠶ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠭᠴᠢ ᠶᠢ ᠲᠣᠬᠤᠨᠢᠭᠤᠯᠪᠠ᠃    ᠦᠷᠦᠪᠳᠢᠶᠧ ᠪᠠᠯᠭᠠᠰᠤᠨ ᠤ ᠬᠤᠩ ᠴᠢ ᠲᠣᠰᠬᠤᠨ ᠳᠤ᠂ ᠶᠢᠨ ᠬᠤᠩ ᠱᠧᠩ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠨᠢᠭᠡ ᠵᠢᠯ ᠤᠨ ᠲᠤᠷᠰᠢᠬᠢ ᠣᠯᠤᠭᠰᠠᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠬᠥᠳᠡᠭᠡ ᠲᠣᠰᠬᠤᠨ ᠤ ᠳᠣᠲᠣᠭᠠᠳᠤ ᠬᠥᠳᠡᠯᠭᠡᠬᠦ ᠬᠦᠴᠦᠨ ᠪᠣᠯ ᠠᠵᠤ ᠦᠢᠯᠡᠰ ᠤᠨ ᠬᠥᠭᠵᠢᠯᠲᠡ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠡᠬᠢ ᠬᠥᠳᠡᠯᠭᠡᠬᠦ ᠬᠦᠴᠦᠨ ᠮᠥᠨ᠂ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠬᠥᠭᠵᠢᠯᠲᠡ ᠶᠢᠨ ᠰᠡᠳᠬᠢᠴᠡ ᠪᠠᠨ ᠴᠢᠨᠠᠭᠰᠢᠳᠠ ᠥᠷᠭᠡᠳᠬᠡᠵᠦ᠂ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠰᠠᠶᠢᠲᠤᠷ ᠬᠢᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠬᠠᠮᠲᠤ ᠶᠢᠨ ᠠᠵᠤ ᠦᠢᠯᠡᠰ ᠤᠨ ᠲᠣᠭᠲᠠᠭᠤᠨ ᠢᠶᠠᠷ ᠪᠤᠵᠠᠭᠠᠶᠢᠷᠠᠬᠤ ᠶᠢ ᠠᠬᠢᠭᠤᠯᠵᠤ᠂ ᠲᠠᠷᠢᠶᠠᠯᠠᠩ ᠳᠤ ᠲᠤᠰᠠᠯᠠᠵᠤ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃ ᠡᠭᠦᠨ ᠤ ᠬᠠᠮᠲᠤ ᠡᠵᠡᠩᠨᠡᠯᠲᠡ ᠶᠢᠨ ᠣᠶᠢᠯᠠᠭᠠᠭᠳᠠᠬᠤᠨ ᠢᠶᠠᠨ ᠴᠢᠩᠭᠠᠳᠬᠠᠵᠤ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢ ᠠᠮᠢᠳᠤᠯᠢᠭ ᠪᠣᠯᠭᠠᠨ ᠠᠰᠢᠭᠯᠠᠬᠤ ᠠᠷᠭ᠎ᠠ ᠵᠠᠮ ᠢ ᠵᠣᠷᠢᠭᠲᠠᠶ ᠪᠠᠷ ᠬᠠᠶᠢᠨ ᠰᠦᠪᠡᠭᠴᠢᠯᠡᠵᠦ᠂ ᠲᠣᠰᠬᠤᠨ ᠤ ᠬᠠᠮᠲᠤ ᠶᠢᠨ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠶ᠃
20240125092556544v0hp9c.jpg
    ᠬᠤᠲᠠ ᠶᠢᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠨᠧᠢ ᠱᠦ ᠮᠧᠶ ᠨᠠᠰᠤᠲᠠᠨ ᠤ ᠬᠡᠷ ᠲᠤ᠂ ᠶᠢᠨ ᠬᠤᠩ ᠱᠧᠩ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠨᠠᠰᠤᠲᠠᠨ ᠤ ᠦᠨᠳᠦᠰᠦᠲᠡᠨ ᠤ ᠰᠣᠶᠣᠯ ᠤᠨ ᠤᠯᠠᠮᠵᠢᠯᠠᠯ ᠪᠠ ᠬᠠᠮᠠᠭᠠᠯᠠᠯᠲᠠ ᠳᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠶᠢ ᠭᠦᠨᠵᠡᠭᠡᠶ ᠤᠶᠢᠯᠠᠭᠠᠨ ᠳᠡᠭᠡᠳᠦ ᠬᠡᠮᠵᠢᠶ᠎ᠡ ᠪᠠᠷ ᠨᠤᠲᠠᠯᠠᠭᠰᠠᠨ ᠪᠥᠭᠡᠳ ᠨᠠᠰᠤᠲᠠᠨ ᠢ ᠪᠡᠶ᠎ᠡ ᠪᠠᠨ ᠭᠠᠮᠨᠠᠵᠤ᠂ ᠤᠷ᠎ᠠ ᠮᠡᠷᠭᠡᠵᠢᠯ ᠢᠶᠠᠨ ᠦᠷᠭᠦᠯᠵᠢᠯᠡᠨ ᠤᠯᠠᠮᠵᠢᠯᠠᠵᠤ᠂ ᠣᠷᠴᠣᠨ ᠤ ᠪᠣᠳᠠᠰ ᠤᠨ ᠪᠤᠰᠤ ᠰᠣᠶᠣᠯ ᠤᠨ ᠥᠪ ᠢ ᠦᠶ᠎ᠡ ᠶᠢᠨ ᠦᠶ᠎ᠡ ᠤᠯᠠᠷᠢᠨ ᠤᠯᠠᠮᠵᠢᠯᠠᠬᠤ ᠬᠡᠷᠡᠭᠲᠡᠶ ᠭᠡᠵᠦ ᠵᠠᠬᠢᠪᠠ᠃ ᠲᠡᠷᠡ᠂ ᠣᠷᠴᠣᠨ ᠦᠨᠳᠦᠰᠦᠲᠡᠨ ᠤ ᠰᠣᠶᠣᠯ ᠪᠣᠯ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠣᠷᠴᠣᠨ ᠦᠨᠳᠦᠰᠦᠲᠡᠨ ᠤ ᠥᠪᠡᠷᠮᠢᠴᠡ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠪᠠ ᠰᠢᠨ᠎ᠡ ᠶᠢ ᠡᠭᠦᠳᠦᠨ ᠬᠥᠭᠵᠢᠭᠦᠯᠬᠦ ᠶᠢ ᠴᠢᠩᠭᠠᠳᠬᠠᠵᠤ᠂ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ᠂ ᠨᠡᠷᠡᠳᠦ ᠠᠵᠢᠯᠯᠠᠬᠤ ᠲᠠᠰᠤᠭ ᠢ ᠰᠠᠶᠢᠲᠤᠷ ᠪᠠᠶᠢᠭᠤᠯᠵᠤ᠂ ᠴᠠᠭ ᠦᠶ᠎ᠡ ᠶᠢᠨ ᠳᠤᠷᠠᠰᠤᠮᠵᠢ ᠶᠢ ᠠᠴᠢᠶᠠᠯᠠᠭᠰᠠᠨ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠳᠡᠯᠭᠡᠷᠡᠭᠦᠯᠦᠨ ᠲᠦᠭᠡᠮᠡᠯᠵᠢᠭᠦᠯᠦᠭᠰᠡᠨ ᠤᠷᠢᠲᠠᠯ ᠳᠣᠤᠷ᠎ᠠ᠂ ᠣᠷᠴᠣᠨ ᠬᠡᠯᠡ ᠶᠢ ᠬᠠᠮᠠᠭᠠᠯᠠᠬᠤ ᠪᠠ ᠤᠯᠠᠮᠵᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠶᠢᠨ ᠬᠤᠩ ᠱᠧᠩ ᠨᠡᠷ ᠪᠠᠰᠠ ᠬᠤᠩ ᠴᠢ ᠲᠣᠰᠬᠤᠨ᠂ ᠮᠤᠤ ᠵᠢᠶᠠ ᠫᠦ᠋ ᠲᠣᠰᠬᠤᠨ ᠤ ᠶᠠᠳᠠᠭᠤ ᠬᠦᠴᠢᠷᠳᠡᠯᠲᠡᠢ ᠨᠠᠮ ᠤᠨ ᠭᠡᠰᠢᠭᠦᠨ ᠢ ᠲᠣᠬᠤᠨᠢᠭᠤᠯᠪᠠ᠃    ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠵᠢᠱᠢᠭᠳᠡᠭᠴᠢ ᠠ ᠵᠢᠶᠠᠩ ᠳ᠋ᠠ ᠪᠢᠩ ᠪᠠᠷ᠎ᠠ ᠪᠣᠯᠵᠣ ᠲᠣᠬᠤᠨᠢᠭᠤᠯᠪᠠ᠃           
ᠢᠷᠡᠯᠲᠡ᠄ ᠲᠣᠲᠣᠷᠬᠠᠢ ᠦᠭᠡᠢ