ᠾᠧ ᠰᠢᠤᠸᠠᠢ ᠭᠤᠸᠠᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/4
20240124094552105ly1n12.jpg
    1 ᠰᠠᠷ᠎ᠠ ᠶᠢᠨ 23 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠾᠧ ᠰᠢᠤᠸᠠᠢ ᠭᠤᠸᠠᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠩᠬᠠᠳᠤᠭᠠᠷ ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠡᠷᠭᠡ ᠵᠣᠷᠢᠭ ᠰᠠᠨᠠᠭ᠎ᠠ ᠶᠢ ᠲᠥᠪᠯᠡᠷᠡᠭᠦᠯᠦᠨ ᠰᠤᠷᠤᠯᠴᠠᠵᠤ᠂ 2024 ᠣᠨ ᠤ ᠭᠤᠣᠯᠳᠠᠯᠭ᠎ᠠ ᠲᠠᠢ ᠲᠥᠷᠥᠯ ᠵᠦᠢᠯ ᠵᠡᠷᠭᠡ ᠵᠥᠪᠯᠡᠬᠦ ᠵᠦᠢᠯᠡᠰ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠡᡁᠧ ᠰᠢᠤᠸᠠᠢ ᠭᠤᠸᠠᠩ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠡᠭᠦᠷᠢᠳᠡ ᠵᠤᠬᠰᠤᠰᠢ ᠦᠭᠡᠢ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠠᠵᠢᠯ ᠡᠭᠦᠷᠢᠳᠡ ᠵᠤᠬᠰᠤᠰᠢ ᠦᠭᠡᠢ ᠪᠠᠶᠢᠬᠤ ᠶᠢ ᠪᠠᠲᠤ ᠴᠡᠭᠡᠵᠢᠯᠡᠵᠦ᠂ 2024 ᠣᠨ ᠳᠤ ᠰᠢᠨ᠎ᠡ ᠭᠠᠷᠤᠭ᠎ᠠ ᠠᠴᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠰᠠᠶᠢᠲᠤᠷ ᠲᠥᠯᠥᠪᠵᠢᠭᠦᠯᠵᠦ᠂ ᠰᠠᠶᠢᠲᠤᠷ ᠠᠬᠢᠭᠤᠯᠵᠤ᠂ ᠬᠠᠷᠢᠭᠤᠴᠠᠯᠭ᠎ᠠ ᠪᠠᠨ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠭᠤᠤᠯ ᠰᠡᠳᠦᠪᠲᠦ ᠬᠥᠮᠦᠵᠢᠯ ᠤᠨ ᠰᠡᠭᠦᠯᠴᠢ ᠶᠢᠨ ᠬᠠᠭᠠᠰ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠵᠠᠩᠭᠢᠯᠠᠭ᠎ᠠ ᠶᠢ ᠠᠳᠬᠤᠵᠤ᠂ ᠭᠤᠤᠯᠳᠠᠯᠭ᠎ᠠ ᠶᠢ ᠳᠣᠪᠤᠶᠢᠯᠭᠠᠵᠤ᠂ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠰᠤᠷᠤᠯᠴᠠᠯᠭ᠎ᠠ ᠬᠥᠮᠦᠵᠢᠯ ᠢ ︽ᠨᠢᠭᠡ ᠲᠦᠯᠬᠢᠭᠦᠷ ᠢᠶᠠᠷ ᠣᠨᠢᠰᠤᠯᠠᠬᠤ ︾ ᠶᠢ ᠪᠠᠶᠢᠴᠠᠭᠠᠨ ᠰᠤᠳᠤᠯᠵᠤ᠂ ︽ᠨᠢᠭᠡ ᠯᠡ ᠲᠦᠯᠬᠢᠭᠦᠷ ᠢᠶᠠᠷ ᠡᠴᠦᠰ ᠲᠤᠨᠢ ᠲᠤᠯᠲᠠᠯ᠎ᠠ ᠣᠨᠢᠰᠤ︾ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠂ ᠦᠨᠳᠦᠰᠦᠨ ᠱᠠᠲᠤᠨ ᠤ ᠳᠠᠷᠤᠭᠠᠰᠤ ᠶᠢ ᠱᠠᠲᠤ ᠱᠠᠲᠤ ᠪᠠᠷ ᠬᠦᠨᠳᠦᠷᠡᠭᠦᠯᠦᠭᠰᠡᠨ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠦᠨᠡᠨ ᠬᠦ ᠴᠡᠭᠴᠡᠯᠡᠨ ᠵᠠᠰᠠᠵᠤ᠂ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ ᠠᠪᠴᠢᠷᠠᠭᠰᠠᠨ ᠰᠢᠨ᠎ᠡ ᠬᠤᠪᠢᠷᠠᠯᠲᠠ ᠰᠢᠨ᠎ᠡ ᠦᠷ᠎ᠡ ᠪᠦᠲᠦᠮᠵᠢ ᠶᠢ ᠦᠨᠡᠨ ᠬᠦ ᠮᠡᠳᠡᠷᠡᠭᠦᠯᠬᠦ ᠬᠡᠷᠡᠭᠲᠡᠶ᠃ ᠨᠢᠭᠡᠳᠦᠭᠡᠷ ᠤᠯᠠᠷᠢᠯ ᠤᠨ ᠬᠠᠷᠠᠯᠲᠠ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠵᠦ᠂ ︽ᠨᠢᠭᠡᠳᠦᠭᠡᠷ ᠰᠢᠳᠠᠮ︾ ᠢ ᠰᠠᠶᠢᠲᠤᠷ ᠭᠦᠶᠦᠯᠭᠡᠵᠦ᠂ ︽ᠨᠢᠭᠡᠳᠦᠭᠡᠷ ᠳᠠᠶᠢᠯᠠᠯᠳᠤᠭᠠᠨ︾ ᠤ ᠢᠯᠠᠯᠲᠠ ᠶᠢ ᠣᠯᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾᠂ ︽ᠡᠭᠦᠳᠡ ᠪᠠᠨ ᠯᠠᠪᠳᠠᠭᠤᠨ ᠨᠡᠭᠡᠭᠡᠬᠦ︾ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃    ᠬᠤᠷᠠᠯ ᠠᠴᠠ ᠪᠠᠰᠠ ᠡᠳ᠋ ᠤᠨ ᠵᠠᠰᠠᠭ ᠤᠨ ᠠᠵᠢᠯ᠂ ᠴᠠᠭᠠᠨ ᠰᠠᠷ᠎ᠠ ᠶᠢᠨ ᠵᠢᠵᠢᠭᠦᠷᠯᠡᠨ ᠰᠠᠬᠢᠬᠤ᠂ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       
ᠢᠷᠡᠯᠲᠡ᠄ ᠲᠣᠲᠣᠷᠬᠠᠢ ᠦᠭᠡᠢ