| 1 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 77 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ | ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ | ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠬᠤᠯᠪᠣᠭᠳᠠᠯ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠶᠡᠷᠦᠩᠬᠡᠶ ᠱᠦᠵᠢ | ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠡᠭᠦᠷᠢᠳᠡ ᠵᠤᠬᠰᠤᠰᠢ ᠥᠬᠡᠶ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢ | ᠪᠠᠲᠤᠯᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠨ ᠲᠤᠤᠱᠯᠠᠭᠤᠯᠵᠤ᠂ ᠪᠥᠬᠦ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠠᠩ ᠥᠨᠳᠥᠷ ᠬᠢᠷᠢ | ᠲᠦᠪᠰᠢᠨ ᠪᠥᠬᠦᠶ ᠠᠮᠤᠷ ᠠᠮᠤᠭᠤᠯᠠᠩ ᠣᠷᠴᠣᠨ ᠢ ᠲᠦᠷᠭᠡᠳᠬᠡᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠰᠠᠶᠢᠲᠤᠷ ᠪᠠᠬᠢᠵᠢᠭᠦᠯᠵᠦ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ | ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ᠃ | ᠬᠤᠷᠠᠯ ᠠᠴᠠ᠂ ᠪᠥᠬᠦ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠠᠷᠠᠯᠲᠠ ᠰᠢᠨ᠎ᠡ | ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠣᠨᠣᠪᠴᠢᠲᠠᠶ ᠡᠵᠡᠮᠳᠡᠵᠦ᠂ ᠴᠢᠨᠠᠷ ᠰᠠᠶᠢᠲᠠᠶ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠲᠤᠳᠬᠠᠵᠤ᠂ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠶ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠥᠨᠳᠥᠷ ᠲᠦᠪᠰᠢᠨ ᠢᠶᠠᠷ ᠵᠠᠯᠭᠠᠨ ᠠᠪᠴᠤ᠂ | ᠠᠵᠤ ᠦᠢᠯᠡᠰ ᠤᠨ ᠬᠥᠭᠵᠢᠯᠲᠡ ᠶᠢᠨ ︽ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠵᠡᠷᠭᠡ ᠭᠤᠤᠯᠳᠠᠯᠭ᠎ᠠ ᠲᠠᠢ ᠠᠵᠢᠯ ᠢ ᠭᠦᠨᠵᠡᠭᠡᠶ ᠠᠬᠢᠭᠤᠯᠤᠨ | ᠪᠣᠳᠠᠲᠠᠶᠢᠵᠢᠭᠤᠯᠵᠤ᠂ ᠬᠠᠷᠠᠯᠲᠠ ᠪᠠᠨ ᠲᠣᠭᠲᠠᠭᠠᠵᠤ᠂ ᠡᠷᠡᠯᠬᠡᠭᠯᠡᠨ ᠤᠷᠤᠭᠰᠢᠯᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ | ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠦᠨᠳᠦᠰᠦᠲᠡᠨ ᠤ ᠪᠦᠯᠬᠦᠮᠳᠡᠯ ᠵᠡᠷᠭᠡ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠦᠢᠯᠡᠰ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠳᠣᠬᠢᠴᠢᠯᠠᠭᠰᠠᠨ ᠬᠥᠯᠥᠨ ᠪᠤᠶᠢᠷ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ | ᠠᠬᠤᠶ ᠶᠢᠨ ᠠᠵᠢᠯ ᠤᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠲᠠᠪᠤᠨ ᠶᠡᠭᠡ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ | ᠬᠥᠮᠦᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠲᠤᠬᠠᠶ | ᠪᠣᠳᠠᠲᠠᠶ ᠱᠠᠭᠠᠷᠳᠠᠯᠭ᠎ᠠ ᠳᠤᠷᠠᠳᠪᠠ᠃ | |