| 1 ᠰᠠᠷ᠎ᠠ ᠶᠢᠨ 21 ᠤ ᠡᠳᠦᠷ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ | ᠱᠦᠵᠢ ᠵᠣᠣ ᠴᠠᠩ ᠴᠢᠩ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠪᠠ᠃ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠵᠣᠣ ᠴᠠᠩ ᠴᠢᠩ ᠨᠡᠷ ᠤᠷᠢᠳ ᠬᠤᠵᠢᠳ ᠹᠦ᠋ ᠰᠢ ᠠᠮᠤ ᠲᠣᠰᠣᠨ ᠤ ᠺᠣᠮᠫᠠᠨᠢ ᠶᠢᠨ | ᠰᠢᠷ᠎ᠠ ᠪᠤᠷᠴᠠᠭ ᠡᠳ᠋ᠰᠢᠭᠦᠯᠬᠦ ᠲᠥᠷᠥᠯ ᠵᠦᠢᠯ᠂ ᠪᠣᠷᠣ ᠮᠠᠭᠠᠵᠢ ᠠᠵᠤ ᠦᠢᠯᠡᠰ ᠤᠨ ᠰᠤᠳᠤᠯᠤᠨ ᠨᠡᠭᠡᠭᠡᠬᠦ ᠵᠢᠴᠢ ᠨᠠᠷᠢᠯᠢᠭ ᠡᠳ᠋ᠰᠢᠭᠦᠯᠬᠦ ᠲᠥᠷᠥᠯ ᠵᠦᠢᠯ᠂ ᠠᠵᠢᠷᠭᠠᠨ | ᠠᠵᠠᠷᠭᠠᠨ᠎ᠠ ᠡᠳ᠋ᠰᠢᠭᠦᠯᠬᠦ ᠦᠢᠯᠡᠳᠪᠦᠷᠢ ᠶᠢᠨ ᠲᠥᠷᠥᠯ ᠵᠦᠢᠯ ᠵᠡᠷᠭᠡ ᠦᠢᠯᠡᠳᠪᠦᠷᠢ ᠶᠢᠨ ᠲᠣᠭᠤᠷᠢᠭ ᠲᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠢᠷᠤᠵᠤ ᠲᠥᠯᠥᠪᠯᠡᠭᠰᠡᠨ ᠦᠢᠯᠡᠳᠪᠦᠷᠢᠯᠡᠯ ᠤᠨ ᠴᠢᠳᠠᠪᠤᠷᠢ᠂ | ᠵᠢᠱᠢᠭᠰᠡᠨ ᠦᠷ᠎ᠡ ᠠᠰᠢᠭ᠂ ᠪᠣᠷᠣᠯᠠᠭᠤᠯᠤᠯᠲᠠ ᠶᠢᠨ ᠠᠯᠤᠰ ᠢᠷᠡᠭᠡᠳᠦᠢ ᠵᠡᠷᠭᠡ ᠪᠠᠶᠢᠳᠠᠯ ᠢ ᠨᠠᠷᠢᠨ ᠬᠢᠨᠠᠮᠠᠭᠠᠶ ᠯᠠᠪᠯᠠᠨ ᠠᠰᠠᠭᠤᠪᠠ᠃ | ᠵᠤᠤ ᠴᠠᠩ ᠴᠢᠩ ᠴᠢᠬᠤᠯᠠᠴᠢᠯᠠᠭᠰᠠᠨ ᠨᠢ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠬᠥᠭᠵᠢᠯᠲᠡ ᠶᠢᠨ ᠬᠠᠨᠳᠤᠰᠢ ᠰᠠᠶᠢᠨ ᠪᠠᠶᠢᠨ᠎ᠠ᠂ ᠠᠯᠤᠰ ᠢᠷᠡᠭᠡᠳᠦᠢ ᠬᠦᠰᠡᠨ ᠬᠦᠯᠢᠶᠡᠵᠦ ᠪᠠᠶᠢᠨ᠎ᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠡᠷᠴᠢᠮᠯᠢᠭ | ᠲᠥᠪᠯᠡᠷᠡᠩᠭᠦᠢ ᠬᠥᠭᠵᠢᠯᠲᠡ ᠶᠢ ᠲᠦᠷᠭᠡᠨ ᠪᠡᠶᠡᠯᠡᠭᠦᠯᠬᠦ ᠬᠡᠷᠡᠭᠲᠡᠢ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ | ᠡᠯᠧᠮᠧᠨ᠋ᠲ ᠤᠨ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ᠂ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠲᠦᠷᠦᠯ | ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ | ᠬᠡᠷᠡᠭᠲᠡᠢ᠃ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠶᠢ ᠰᠠᠶᠢᠲᠤᠷ ᠬᠢᠬᠦ ᠶᠢ ᠴᠢᠬᠤᠯᠠᠴᠢᠯᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ | ᠬᠠᠪᠰᠤᠷᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠨᠢ ᠥᠷᠭᠡᠳᠬᠡᠵᠦ᠂ ᠨᠠᠶᠢᠳᠠᠪᠤᠷᠢᠵᠢᠭᠤᠯᠤᠭᠰᠠᠨ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ | ᠵᠢᠱᠢᠭᠰᠡᠨ ᠦᠷ᠎ᠡ ᠪᠦᠲᠦᠮᠵᠢ ᠳᠡᠭᠡᠨ ᠬᠦᠷᠬᠦ ᠶᠢ ᠪᠠᠲᠤᠯᠠᠵᠤ᠂ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠡᠯᠰᠡᠵᠦ ᠳᠡᠶᠢᠯᠬᠦ᠂ ᠦᠯᠡᠳᠡᠭᠡᠵᠦ ᠳᠡᠶᠢᠯᠬᠦ᠂ | ᠰᠠᠶᠢᠲᠤᠷ ᠬᠥᠭᠵᠢᠬᠦ ᠶᠢ ᠪᠠᠲᠤᠯᠠᠵᠤ᠂ ᠬᠥᠯᠥᠨ ᠪᠤᠶᠢᠷ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠤᠯᠤᠰ ᠲᠥᠷᠥ ᠶᠢᠨ ᠰᠤᠳᠤᠯᠭᠠᠨ ᠤ ᠲᠠᠰᠤᠭ ᠤᠨ ᠡᠷᠬᠢᠯᠡᠭᠴᠢ ᠲᠢᠶᠠᠨ ᠰᠢᠶᠤᠤ | ᠮᠢᠩ ᠪᠣᠯᠤᠨ ᠬᠤᠰᠢᠭᠤᠨ ᠤ ᠬᠤᠯᠪᠣᠭᠳᠠᠯ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | |