6 ᠳ᠋ᠤᠭᠠᠷ ᠰᠠᠷ᠎ᠠ ᠶᠢᠨ 11 - 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠤᠯᠤᠰ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠳᠤ ᠨᠠᠶᠢᠳᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠬᠤ ᠭᠤᠣᠯᠯᠠᠭᠴᠢ ᠪᠦᠯᠬᠦᠮ ᠤᠨ ᠬᠡᠰᠢᠭᠦᠳ ᠤᠨ | ᠪᠣᠯᠪᠠᠰᠤᠷᠠᠯ ᠤᠨ ᠠᠩᠭᠢ ᠶᠢ ᠨᠠᠨᠵᠢᠩ ᠪᠠᠭᠰᠢ ᠶᠢᠨ ᠶᠡᠭᠡ ᠰᠤᠷᠭᠠᠭᠤᠯᠢ ᠳᠤ ᠡᠷᠬᠢᠯᠡᠪᠡ᠃ ᠡᠨᠡ ᠤᠳᠠᠭᠠᠨ ᠤ ᠪᠣᠯᠪᠠᠰᠤᠷᠠᠯ ᠳᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ | ᠣᠷᠣᠨ ᠤ ᠳᠣᠲᠤᠨ᠎ᠠ ᠭᠠᠳᠠᠨᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ | ᠠᠵᠢᠯ ᠤᠨ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠰᠤᠷᠤᠯᠴᠠᠨ ᠰᠣᠯᠢᠯᠴᠠᠵᠤ᠂ ᠮᠠᠨ ᠤ ᠣᠷᠣᠨ ᠤ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ | ᠵᠢᠯᠣᠭᠤᠳᠴᠤ ᠦᠨᠡᠯᠡᠨ ᠵᠢᠱᠢᠬᠦ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠪᠣᠯᠪᠠᠰᠤᠷᠠᠯ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠭᠤᠰᠢᠯᠠᠭᠤᠯᠬᠤ ᠡᠨᠡ ᠬᠦ ᠭᠤᠣᠯ | ᠰᠢᠵᠢᠮ ᠤᠨ ᠲᠣᠭᠤᠷᠢᠨ ᠳᠤ᠂ ᠲᠤᠰᠬᠠᠢ ᠰᠡᠳᠦᠪᠲᠦ ᠮᠡᠳᠡᠭᠦᠯᠦᠯᠲᠡ᠂ ᠲᠤᠰᠬᠠᠢ ᠮᠡᠷᠭᠡᠵᠢᠯᠲᠡᠨ ᠮᠠᠳᠠᠭ ᠢ ᠲᠠᠶᠢᠯᠬᠤ᠂ ᠲᠤᠬᠠᠢ ᠶᠢᠨ ᠭᠠᠵᠠᠷ ᠢ ᠲᠣᠭᠤᠷᠢᠨ ᠦᠵᠡᠬᠦ᠂ | ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠲᠤᠷᠰᠢᠯᠭ᠎ᠠ ᠬᠤᠪᠢᠶᠠᠯᠴᠠᠬᠤ᠂ ᠣᠯᠤᠯᠲᠠ ᠲᠥᠷᠥᠭᠳᠡᠯ ᠢᠶᠠᠨ ᠰᠣᠯᠢᠯᠴᠠᠬᠤ ᠵᠡᠷᠭᠡ ᠭᠤᠭᠴᠤᠭ᠎ᠠ ᠶᠢ | ᠳᠣᠭᠢᠷᠠᠭᠤᠯᠪᠠ᠃ ᠲᠤᠰᠬᠠᠢ ᠮᠡᠷᠭᠡᠵᠢᠯᠲᠡᠨ ᠡᠷᠳᠡᠮᠲᠡᠳ ᠠᠴᠠ ᠣᠨᠣᠯ ᠪᠠ ᠲᠥᠷᠥ ᠶᠢᠨ ᠪᠣᠳᠣᠯᠭ᠎ᠠ ᠶᠢᠨ ᠲᠠᠯ᠎ᠠ ᠠᠴᠠ ᠶᠠᠭᠠᠬᠢᠵᠤ ᠭᠦᠢᠴᠡᠳᠬᠡᠯ ᠲᠤᠭ᠎ᠠ ᠳᠤ | ᠰᠠᠭᠤᠷᠢᠯᠠᠨ ᠠᠰᠠᠭᠤᠳᠠᠯ ᠢ ᠡᠷᠢᠵᠦ᠂ ᠭᠦᠢᠴᠡᠳᠬᠡᠯ ᠲᠤᠭ᠎ᠠ ᠠᠴᠠ ᠳᠡᠭᠡᠭᠦᠷ ᠠᠰᠠᠭᠤᠳᠠᠯ ᠢ ᠦᠵᠡᠬᠦ ᠲᠤᠬᠠᠢ ᠲᠠᠶᠢᠯᠪᠤᠷᠢᠯᠠᠵᠤ᠂ ᠨᠢᠭᠡᠳᠦᠭᠡᠷ ᠹᠷᠣᠨᠲ ᠤᠨ ᠠᠵᠢᠯᠲᠠᠳ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠬᠠᠢ ᠶᠢᠨ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ | ᠬᠥᠭᠵᠢᠯᠲᠡ ᠶᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠠᠬᠢᠭᠤᠯᠤᠭᠰᠠᠨ ᠲᠤᠷᠰᠢᠯᠭ᠎ᠠ ᠪᠠ ᠠᠷᠭ᠎ᠠ ᠪᠠᠷᠢᠯ ᠢᠶᠠᠨ ᠲᠠᠨᠢᠯᠴᠠᠭᠤᠯᠪᠠ᠃ | ᠪᠣᠯᠪᠠᠰᠤᠷᠠᠯ ᠳᠤ ᠣᠷᠣᠯᠴᠠᠭᠰᠠᠨ ᠰᠤᠷᠤᠯᠭᠠᠲᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠢ ᠬᠥᠭᠵᠢᠯᠲᠡ ᠶᠢ ᠬᠢᠨᠠᠨ | ᠵᠢᠯᠣᠭᠤᠳᠬᠤ ᠰᠢᠨ᠎ᠡ ᠣᠶᠢᠯᠠᠭᠠᠭᠳᠠᠬᠤᠨ᠂ ᠰᠢᠨ᠎ᠡ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠳᠤ᠂ ᠠᠰᠠᠭᠤᠳᠠᠯ ᠳᠤᠷᠠᠳᠤᠨ᠂ | ᠰᠡᠳᠬᠢᠨ ᠪᠣᠳᠣᠯᠬᠢᠯᠠᠵᠤ᠂ ᠬᠠᠷᠠᠭᠠᠰᠤ ᠪᠠᠨ ᠥᠷᠭᠡᠳᠭᠡᠨ ᠪᠠ ᠬᠠᠷᠢᠭᠤᠴᠠᠯᠭ᠎ᠠ ᠡᠪᠦᠷᠯᠡᠨ ᠭᠦᠨᠵᠡᠭᠡᠢ ᠰᠤᠷᠤᠯᠴᠠᠵᠤ᠂ ᠦᠨᠡᠯᠡᠨ ᠵᠢᠱᠢᠬᠦ ᠪᠠᠷᠢᠮᠵᠢᠶ᠎ᠠ ᠶᠢᠨ ᠲᠤᠬᠠᠢ | ᠰᠢᠨ᠎ᠡ ᠲᠠᠨᠢᠯᠲᠠ ᠪᠠ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ | ᠡᠨᠡ ᠤᠳᠠᠭᠠᠨ ᠤ ᠪᠤᠯᠪᠠᠰᠤᠷᠠᠯ ᠤᠨ ᠬᠢᠴᠢᠶᠡᠯ ᠤᠨ ᠪᠠᠶᠢᠷᠢᠯᠠᠭᠤᠯᠤᠯᠲᠠ ᠪᠠᠶᠠᠯᠢᠭ ᠮᠥᠷᠲᠡᠭᠡᠨ ᠪᠣᠳᠠᠲᠠᠢ᠂ ᠬᠡᠷᠡᠭ ᠤᠨ ᠵᠢᠱᠢᠶ᠎ᠡ ᠬᠥᠮᠦᠰ ᠤᠨ ᠠᠩᠬᠠᠷᠤᠯ ᠢ | ᠲᠠᠲᠠᠵᠤ᠂ ᠮᠠᠰᠢ ᠴᠢᠩᠭ᠎ᠠ ᠬᠡᠷᠡᠭᠯᠡᠭᠡᠨ ᠤ ᠴᠢᠨᠠᠷ᠂ ᠵᠢᠯᠣᠭᠤᠳᠬᠤ ᠴᠢᠨᠠᠷ ᠪᠠ ᠲᠣᠯᠢᠳᠠᠵᠤ ᠪᠣᠯᠬᠤᠶᠢᠴᠠ ᠦᠢᠯᠡᠳᠦᠯ ᠲᠠᠢ ᠪᠠᠶᠢᠵᠤ᠂ ᠰᠤᠷᠤᠯᠭᠠᠲᠠᠳ ᠥᠨᠳᠦᠷ | ᠦᠨᠡᠯᠡᠪᠡ᠃ ᠪᠣᠯᠪᠠᠰᠤᠷᠠᠯ ᠢᠶᠠᠷ ᠳᠠᠮᠵᠢᠨ᠂ ᠰᠤᠷᠤᠯᠭᠠᠲᠠᠳ ᠤᠨ ᠬᠠᠷᠠᠭᠠᠰᠤ ᠥᠷᠭᠡᠵᠢᠨ᠂ ᠬᠠᠷᠢᠭᠤᠴᠠᠯᠭ᠎ᠠ ᠶᠢᠨ ᠲᠤᠬᠠᠢ ᠲᠣᠳᠣᠷᠬᠠᠢ ᠲᠠᠨᠢᠯᠲᠠ ᠲᠠᠢ ᠪᠣᠯᠵᠤ᠂ | ᠠᠵᠢᠯ ᠤᠨ ᠬᠠᠷᠠᠯᠲᠠ ᠪᠠ ᠠᠷᠭ᠎ᠠ ᠮᠠᠶ᠋ᠢᠭ ᠢᠶᠠᠨ ᠤᠯᠠᠮ ᠨᠢᠭᠡ ᠠᠯᠬᠤᠮ ᠲᠣᠳᠣᠷᠬᠠᠶᠢᠯᠠᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ | ᠴᠢᠨᠠᠷᠯᠢᠭ ᠲᠡᠩᠴᠡᠭᠦᠷᠢᠲᠡᠢ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ |