ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠶᠡᠷᠦᠩᠬᠡᠶ ᠪᠠᠩᠬᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠰᠢᠭᠤᠨ ᠳᠤ ᠭᠦᠨᠵᠡᠭᠡᠶᠢᠷᠡᠨ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/11/5
20241104092835503gqo0up.jpg
    10 ᠰᠠᠷ᠎ᠠ ᠶᠢᠨ 31 ᠤ ᠡᠳᠦᠷ ᠠᠴᠠ 11 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠶᠡᠷᠦᠩᠬᠡᠶ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠰᠢᠤᠢ ᠬᠠᠨ ᠨᠠᠷ ᠮᠠᠨ ᠤ ᠬᠤᠰᠢᠭᠤᠨ ᠳᠤ ᠬᠦᠷᠴᠦ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠾᠧ ᠰᠢᠤᠸᠠᠢ ᠭᠤᠸᠠᠩ ᠮᠠᠨ ᠤ ᠬᠤᠰᠢᠭᠤᠨ ᠤ ᠲᠥᠪ ᠤᠨ ᠨᠢᠭᠡᠴᠡ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠪᠡ᠃ ᠮᠠᠨ ᠤ ᠬᠤᠰᠢᠭᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠬᠠᠨᠳᠢᠪᠯᠠᠨ ᠬᠦᠷᠭᠡᠭᠰᠡᠨ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠬᠠᠨᠳᠢᠪᠯᠠᠨ ᠬᠦᠷᠭᠡᠭᠰᠡᠨ ᠲᠥᠷᠥᠯ ᠵᠦᠶ᠋ᠯ ᠢ ᠰᠠᠶᠢᠲᠤᠷ ᠨᠠᠶᠢᠳᠠᠪᠤᠷᠢᠵᠢᠭᠤᠯᠵᠤ᠂ ᠬᠠᠪᠰᠤᠷᠤᠨ ᠲᠡᠳᠬᠦᠭᠰᠡᠨ ᠦᠷ᠎ᠡ ᠪᠦᠲᠦᠭᠡᠯ ᠢᠶᠠᠨ ᠰᠠᠶᠢᠲᠤᠷ ᠳ᠋ᠦᠩᠨᠡᠵᠦ᠂ ᠰᠠᠶᠢᠲᠤᠷ ᠤᠬᠠᠭᠤᠯᠵᠤ᠂ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠶ ᠨᠡᠶᠢᠭᠡᠮ ᠤᠨ ᠳᠠᠬᠢᠨ ᠨᠠᠩ ᠥᠨᠳᠥᠷ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠷᠬᠡᠶᠢᠯᠡᠪᠡ᠃ ᠶᠢᠨ ᠬᠤᠩ ᠱᠧᠩ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠰᠢᠰᠲ᠋ᠧᠮ ᠳᠡᠭᠡᠳᠦ ᠳᠤᠤᠷᠠᠳᠤ ᠱᠠᠲᠤ ᠪᠠᠷ ᠢᠶᠠᠨ ᠪᠥᠬᠦ ᠬᠦᠴᠦᠨ ᠢᠶᠠᠷ ᠢᠶᠠᠨ ᠳᠡᠮᠵᠢᠵᠦ᠂ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠣᠷᠴᠣᠨ ᠬᠥᠳᠡᠭᠡ ᠠᠵᠤ ᠠᠬᠤᠢ ᠶᠢᠨ ᠪᠠᠩᠬᠢ ᠶᠢᠨ ︽ᠴᠢᠰᠤ ᠶᠡᠭᠦᠯᠡᠬᠦ︾ ᠠᠵᠠ ᠲᠣᠬᠢᠶᠠᠯ ᠢ ᠴᠢᠩᠭ᠎ᠠ ᠠᠳᠬᠤᠵᠤ᠂ ᠠᠵᠤ ᠦᠢᠯᠡᠰ ᠤᠨ ᠬᠥᠭᠵᠢᠯᠲᠡ ᠶᠢᠨ ︽ᠴᠢᠰᠤ ᠪᠦᠲᠦᠭᠡᠬᠦ︾ ᠴᠢᠳᠠᠮᠵᠢ ᠶᠢ ᠪᠡᠶᠡᠯᠡᠭᠦᠯᠵᠦ᠂ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠬᠠᠮᠲᠤ ᠪᠠᠷ ᠰᠠᠶᠢᠲᠤᠷ ᠨᠠᠶᠢᠳᠠᠪᠤᠷᠢᠵᠢᠭᠤᠯᠬᠤ ᠪᠤᠯᠤᠨ᠎ᠠ᠃    ᠰᠢᠤᠢ ᠬᠠᠨ ᠢᠯᠡᠷᠬᠡᠶᠢᠯᠡᠬᠦ ᠳᠡᠭᠡᠨ᠂ ᠣᠷᠴᠣᠨ ᠤ ᠠᠮᠢ ᠠᠬᠤᠶ ᠶᠢᠨ ᠣᠷᠴᠢᠨ ᠨᠥᠬᠦᠴᠡᠯ ᠰᠠᠶᠢᠨ᠂ ᠡᠬᠢ ᠪᠠᠶᠠᠯᠢᠭ ᠡᠯᠪᠡᠭ ᠳᠡᠯᠪᠡᠭ᠂ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠳᠠᠭ᠃ ᠬᠤᠶᠠᠷ ᠲᠠᠯ᠎ᠠ ᠪᠠᠷ ᠢᠶᠠᠨ ᠨᠡᠩ ᠪᠠᠲᠤ ᠪᠠᠬᠢ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠤᠶᠤᠨᠲᠤ ᠲᠠᠷᠢᠶᠠᠯᠠᠩ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠠᠯ᠎ᠠ ᠪᠠᠷ ᠨᠡᠩ ᠤᠯᠠᠨ ᠠᠮᠵᠢᠯᠲᠠ ᠲᠠᠢ ᠠᠷᠭ᠎ᠠ ᠵᠠᠮ ᠢ ᠰᠦᠪᠡᠭᠴᠢᠯᠡᠵᠦ᠂ ᠣᠷᠴᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃    ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢᠨ ᠱᠤ᠋ ᠯᠢ ᠴᠢᠬᠤᠯᠠᠴᠢᠯᠠᠭᠰᠠᠨ ᠨᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠣᠷᠴᠣᠨ ᠢ ᠬᠠᠪᠰᠤᠷᠤᠨ ᠮᠠᠰᠢ ᠣᠯᠠᠨ ︽ᠪᠠᠴᠢᠮ ᠬᠦᠴᠢᠷ ᠵᠣᠪᠠᠭᠤᠷᠢ ᠬᠦᠰᠡᠯ ᠡᠷᠡᠮᠡᠯᠵᠡᠯ︾ ᠤᠨ ᠠᠰᠠᠭᠤᠳᠠᠯ ᠢ ᠰᠢᠢᠳᠪᠦᠷᠢᠯᠡᠵᠦ᠂ ᠢᠯᠠᠩᠭᠤᠶ᠎ᠠ ︽ᠮᠥᠩᠭᠦᠨ ᠭᠦᠢᠯᠭᠡᠭᠡᠨ ᠤ ᠲᠣᠰᠬᠤᠨ ᠤ ᠡᠷᠬᠢᠯᠡᠭᠴᠢ︾ ᠶᠢᠨ ᠰᠢᠨ᠎ᠡ ᠶᠢ ᠡᠭᠦᠳᠴᠦ᠂ ︽ᠪᠥᠬᠦ ᠪᠥᠮᠪᠥᠷᠴᠡᠭ ᠤᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠴᠥᠭᠡᠳᠬᠡᠬᠦ ᠬᠠᠮᠤᠭ ᠤᠨ ᠰᠠᠶᠢᠨ ᠬᠡᠷᠡᠭ ᠤᠨ ᠵᠢᠱᠢᠶ᠎ᠡ︾ ᠶᠢᠨ ᠢᠷᠠᠭᠤ ᠠᠯᠳᠠᠷ ᠢ ᠭᠥᠷᠳᠡᠵᠦ᠂ ᠪᠣᠳᠠᠲᠠᠶ ᠶᠢ ᠡᠷᠬᠢᠮᠯᠡᠭᠰᠡᠨ ᠠᠵᠢᠯ ᠤᠨ ᠰᠤᠷᠲᠠᠯ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠦᠨᠡᠨ ᠬᠠᠪᠰᠤᠷᠴᠦ ᠪᠣᠳᠠᠲᠠᠶ ᠬᠠᠪᠰᠤᠷᠬᠤ ᠡᠷᠬᠢᠮ ᠨᠠᠨᠳᠢᠨ ᠨᠥᠬᠦᠷᠯᠡᠯ ᠢ ᠢᠯᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠢᠨ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠡᠵᠡᠮᠳᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠤᠶᠤᠨᠲᠤ ᠵᠢᠵᠢᠭ ᠪᠠᠯᠭᠠᠰᠤ ᠶᠢᠨ ᠪᠦᠳᠦᠭᠡᠨ ᠪᠠᠶᠢᠭᠤᠯᠤᠯᠲᠠ᠂ ᠲᠦᠬᠦᠭᠡᠷᠦᠮᠵᠢᠲᠦ ᠲᠠᠷᠢᠶᠠᠯᠠᠩ ᠤᠨ ᠬᠥᠭᠵᠢᠯᠲᠡ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠴᠢᠳᠠᠪᠤᠷᠢᠲᠠᠨ ᠤ ᠪᠣᠯᠪᠠᠰᠤᠷᠠᠯ ᠵᠡᠷᠭᠡ ᠤᠯᠠᠨ ᠲᠠᠯ᠎ᠠ ᠪᠠᠷ ︽ᠣᠯᠠᠨ ᠲᠠᠯ᠎ᠠ ᠪᠠᠷ ᠴᠡᠴᠡᠭᠯᠡᠬᠦ︾ ᠶᠢ ᠪᠡᠶᠡᠯᠡᠭᠦᠯᠵᠦ ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠪᠣᠯᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃    ᠶᠠᠷᠢᠯᠴᠠᠬᠤ ᠬᠤᠷᠠᠯ ᠳᠡᠭᠡᠷ᠎ᠡ ᠪᠠᠰᠠ ᠦᠨ᠎ᠡ ᠲᠥᠯᠥᠪᠦᠷᠢ ᠦᠭᠡᠢ ᠪᠠᠷ ᠬᠠᠪᠰᠤᠷᠤᠨ ᠲᠡᠳᠬᠦᠬᠦ ᠪᠡᠯᠡ ᠮᠥᠩᠭᠦ ᠶᠢᠨ ᠬᠠᠨᠳᠢᠪᠯᠠᠬᠤ ᠶᠣᠰᠣᠯᠠᠯ ᠶᠠᠪᠤᠭᠤᠯᠪᠠ᠃
ᠢᠷᠡᠯᠲᠡ᠄ ᠲᠣᠲᠣᠷᠬᠠᠢ ᠦᠭᠡᠢ