| 1 ᠰᠠᠷ᠎ᠠ ᠶᠢᠨ 18 ᠤ ᠡᠳᠦᠷ᠂ ᠪᠥᠬᠦ ᠬᠤᠰᠢᠭᠤᠨ ᠤ ᠲᠠᠷᠢᠶᠠᠯᠠᠩ ᠤᠨ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ | ᠬᠤᠷᠠᠯ ᠠᠴᠠ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠯᠠᠩ ᠤᠨ ᠠᠵᠢᠯ ᠢ ᠰᠠᠶᠢᠲᠤᠷ | ᠠᠳᠬᠤᠬᠤ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠣᠨ ᠤ ᠡᠭᠦᠷᠭᠡ ᠶᠢᠨ ᠭᠦᠢᠴᠡᠳᠬᠡᠯ ᠲᠤᠭ᠎ᠠ ᠶᠢ ᠴᠢᠩᠭ᠎ᠠ | ᠠᠩᠬᠠᠷᠴᠤ᠂ ︽ᠨᠢᠭᠡ ᠭᠤᠣᠯ ᠭᠤᠷᠪᠠᠨ ᠣᠨᠴᠠᠭᠠᠢ︾ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠳᠦᠯᠦᠨ ᠳᠠᠭᠠᠭᠤᠯᠬᠤ ᠬᠡᠷᠡᠭᠲᠡᠢ᠃ ᠲᠠᠷᠢᠶᠠᠴᠢᠳ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ | ᠵᠦᠢᠯ ᠤᠨ ᠲᠦᠷᠦ ᠶᠢᠨ ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠰᠠᠶᠢᠨ ᠲᠠᠷᠢᠶ᠎ᠠ᠂ ᠰᠠᠶᠢᠨ ᠡᠭᠦᠯᠳᠡᠷ᠂ ᠰᠠᠶᠢᠨ ᠮᠡᠷᠭᠡᠵᠢᠯ | ᠂ ᠰᠠᠶᠢᠨ ᠲᠣᠬᠢᠶᠠᠯ᠂ ᠰᠠᠶᠢᠨ ᠳᠦᠷᠢᠮ︾ ᠢᠶᠠᠷ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠲᠥᠷᠥᠯ ᠵᠦᠢᠯ ᠤᠨ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠵᠤ᠂ | ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠰᠠᠨ ᠪᠦᠯᠬᠦᠮ᠂ ᠠᠵᠤ ᠦᠢᠯᠡᠰ ᠤᠨ ᠵᠢᠭᠠᠨ ᠵᠢᠯᠣᠭᠤᠳᠣᠭᠴᠢ ᠶᠢᠨ ᠮᠡᠷᠭᠡᠵᠢᠯ ᠤᠨ | ᠵᠢᠯᠣᠭᠤᠳᠤᠯᠭ᠎ᠠ ᠳᠤ ᠲᠦᠰᠢᠭᠯᠡᠨ᠂ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠶᠢ ᠲᠦᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠠᠮᠤ | ᠪᠤᠳᠠᠭᠠᠨ ᠤ ᠨᠢᠭᠡᠴᠢ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠦ ᠶᠢᠨ | ᠪᠤᠳᠤᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠲᠠᠷᠰᠢᠭᠰᠠᠨ ᠭᠠᠵᠠᠷ ᠤᠨ ᠲᠠᠷᠢᠶᠠᠯᠠᠬᠤ ᠨᠥᠬᠦᠴᠡᠯ ᠠᠨᠠᠢ᠂ ᠲᠠᠷᠢᠮᠠᠯ ᠤᠨ ᠦᠷ᠎ᠡ ᠠᠰᠢᠭ ᠳᠣᠣᠷ᠎ᠠ | ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠤᠭ᠎ᠠ ᠪᠦᠷᠢᠳᠬᠡᠯ ᠤᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠲᠤᠭ᠎ᠠ ᠪᠠᠷᠢᠮᠲᠠ ᠶᠢᠨ ᠶᠠᠰᠤ | ᠴᠢᠨᠠᠷ ᠤᠨ ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠠᠮᠤ ᠪᠤᠳᠠᠭ᠎ᠠ ᠳᠠᠷᠢᠬᠤ ᠲᠠᠯᠠᠪᠠᠶ᠂ ᠦᠢᠯᠡᠳᠪᠦᠷᠢᠯᠡᠭᠴᠢᠳ ᠲᠤ ᠨᠥᠬᠦᠪᠥᠷᠢ ᠥᠭᠬᠦ | ᠵᠡᠷᠭᠡ ᠡᠯ᠎ᠡ ᠵᠦᠶ᠋ᠯ ᠤᠨ ᠭᠦᠶ᠋ᠴᠡᠳᠬᠡᠯ ᠲᠤᠭ᠎ᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠣᠨᠣᠪᠴᠢᠲᠠᠶ ᠪᠠᠶᠢᠬᠤ ᠶᠢ ᠪᠠᠲᠤᠯᠠᠵᠤ᠂ ᠪᠥᠬᠦ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨᠵᠢᠯᠡᠬᠦ ᠤᠬᠠᠭᠠᠨᠴᠢ ᠰᠢᠶ᠋ᠳᠪᠦᠷᠢᠲᠦ ᠪᠣᠳᠣᠯᠭ᠎ᠠ ᠶᠢ ᠪᠡᠶᠡᠯᠡᠭᠦᠯᠬᠦ ᠳᠤ ᠦᠨᠳᠦᠰᠦᠯᠡᠯ | ᠬᠠᠩᠭᠠᠬᠤ ᠬᠡᠷᠡᠭᠲᠡᠶ᠃ | ᠮᠠ ᠠᠢ ᠹᠸᠢ ᠬᠤᠷᠠᠯ ᠢ ᠡᠷᠬᠢᠯᠡᠪᠡ᠃ | |