| ᠣᠶᠢᠷ᠎ᠠ ᠳᠤ᠂ ᠮᠠᠨ ᠤ ᠬᠤᠰᠢᠭᠤ ᠪᠥᠬᠦ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠶᠠᠷᠢᠯᠴᠠᠬᠤ ᠬᠤᠷᠠᠯ ᠬᠢᠪᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠵᠦᠩ ᠯᠢᠶᠠᠨ ᠴᠤᠸᠠᠩ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠢᠴᠢ ᠾᠧ ᠮᠧᠢ ᠬᠥᠳᠡᠭᠡ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠤᠭᠰᠠᠨ ᠲᠤᠷᠰᠢᠯᠭ᠎ᠠ ᠶᠢᠨ | ᠲᠤᠬᠠᠢ ᠲᠠᠨᠢᠯᠴᠠᠭᠤᠯᠭ᠎ᠠ ᠪᠣᠯᠤᠨ ᠠᠮᠵᠢᠯᠲᠠ ᠣᠯᠤᠭᠰᠠᠨ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠰᠣᠨᠣᠰᠴᠠᠢ᠃ | ᠬᠤᠷᠠᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠥᠰᠦᠯ ᠤᠨ ᠶᠡᠷᠦᠩᠬᠡᠢ | ᠱᠠᠭᠠᠷᠳᠠᠯᠭ᠎ᠠ ᠲᠠᠢ ᠤᠶᠠᠯᠳᠤᠭᠤᠯᠵᠤ᠂ ᠡᠯ᠎ᠡ ᠰᠢᠶᠠᠩ ᠪᠠᠯᠭᠠᠰᠤᠨ ᠤ ᠪᠣᠳᠠᠲᠠᠢ ᠣᠨᠴᠠᠯᠢᠭ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠣᠨᠴᠠᠯᠢᠭ᠂ ᠬᠥᠳᠡᠭᠡ | ᠲᠣᠰᠬᠤᠨ ᠤ ᠭᠠᠵᠠᠷ ᠣᠷᠣᠨ ᠤ ᠣᠨᠴᠠᠯᠢᠭ ᠲᠠᠢ ᠤᠶᠠᠯᠳᠤᠭᠤᠯᠵᠤ᠂ ᠣᠷᠣᠨ ᠪᠠᠶᠢᠷᠢ ᠶᠢᠨ ᠨᠥᠬᠦᠴᠡᠯ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ | ᠰᠠᠭᠤᠷᠢ ᠵᠡᠷᠭᠡ ᠣᠨᠴᠠᠯᠢᠭ ᠢ ᠦᠨᠳᠦᠰᠦᠯᠡᠵᠦ᠂ ᠲᠤᠰ ᠪᠡᠶ᠎ᠡ ᠶᠢᠨ ᠰᠢᠶᠠᠩ ᠪᠠᠯᠭᠠᠰᠤ ᠳᠠᠭᠠᠨ ᠳᠤᠬᠢᠷᠠᠬᠤ ᠠᠵᠢᠯᠯᠠᠭ᠎ᠠ ᠶᠢᠨ ᠠᠵᠢᠯ ᠤᠨ ᠴᠢᠭᠯᠡᠯ ᠪᠣᠯᠤᠨ ᠬᠠᠷᠠᠯᠲᠠ ᠶᠢ | ᠢᠳᠡᠪᠬᠢᠲᠡᠢ ᠰᠦᠪᠡᠭᠴᠢᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠤᠰᠬᠠᠬᠤ ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠶᠢᠬᠠᠨ ᠬᠥᠳᠡᠭᠡ | ᠲᠣᠰᠬᠤᠨ ᠢ ᠴᠢᠷᠮᠠᠶᠢᠨ ᠪᠠᠶᠢᠭᠤᠯᠵᠤ᠂ ᠡᠭᠦᠳᠦᠨ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ ᠬᠥᠳᠡᠭᠡ ᠲᠣᠰᠬᠤᠨ ᠤ ᠠᠷᠠᠳ ᠢᠷᠭᠡᠳ ᠲᠤ ᠤᠯᠠᠮ ᠨᠢᠭᠡ ᠠᠯᠬᠤᠮ | ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠵᠦ᠂ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠦ ᠰᠢᠶᠤᠤ ᠭᠤᠸᠠᠩ᠂ ᠮᠠ ᠠᠶ ᠹᠸᠢ᠂ ᠶᠠᠩ ᠵᠢᠶ ᠳ᠋ᠦᠩ ᠬᠤᠷᠠᠯ ᠳᠤ ᠣᠷᠣᠯᠴᠠᠪᠠ᠃ | |