| 1 ᠰᠠᠷ᠎ᠠ ᠶᠢᠨ 18 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠵᠢᠢ ᠶᠦᠩ ᠴᠢᠶᠠᠨ | ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ ᠣᠷᠴᠣᠨ ᠤ ᠥᠪᠡᠷᠲᠡᠭᠡᠨ | ᠵᠠᠰᠠᠬᠤ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠪᠠ᠃ | ᠬᠢᠨᠠᠨ ᠵᠥᠪᠯᠡᠬᠦ ᠶᠠᠪᠤᠴᠠ ᠳᠤ᠂ ᠲᠥᠯᠥᠭᠡᠯᠡᠭᠴᠢᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠨᠢᠯᠲᠠ ᠪᠠᠨ ᠶᠠᠷᠢᠵᠤ᠂ ᠰᠠᠨᠠᠭᠤᠯᠭ᠎ᠠ ᠳᠤᠷᠠᠳᠴᠤ᠂ | ᠬᠥᠭᠵᠢᠯᠲᠡ ᠶᠢᠨ ᠲᠤᠬᠠᠢ ᠶᠠᠷᠢᠯᠴᠠᠪᠠ᠃ ᠵᠢᠢ ᠶᠦᠩ ᠴᠢᠶᠠᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠤᠯᠠᠨ ᠲᠠᠢ ᠰᠠᠨᠠᠯ ᠢᠶᠠᠨ ᠰᠣᠯᠢᠯᠴᠠᠪᠠ᠃ | ᠲᠡᠷᠡ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠳᠠ ᠪᠠᠷ ᠢᠶᠠᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠪᠠ᠃ ᠣᠷᠴᠣᠨ ᠤ ᠥᠪᠡᠷᠲᠡᠭᠡᠨ ᠵᠠᠰᠠᠬᠤ ᠬᠤᠰᠢᠭᠤ ᠬᠤᠲᠠ ᠶᠢᠨ | ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠯᠬᠡᠭᠯᠡᠨ | ᠲᠡᠮᠡᠴᠡᠵᠦ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠠᠲᠤᠯᠠᠵᠤ᠂ ᠡᠯ᠎ᠡ ᠵᠦᠢᠯ ᠤᠨ ᠠᠵᠢᠯ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠲᠠᠢ | ᠪᠣᠯᠪᠠ᠃ | | ᠵᠢᠢ ᠶᠦᠩ ᠴᠢᠶᠠᠨ᠂ ᠨᠢᠭᠡ ᠬᠤᠪᠢ ᠶᠢᠨ ᠪᠠᠶᠢᠷᠢᠯᠠᠭᠤᠯᠤᠯᠲᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠲᠠ᠃ ᠣᠷᠴᠣᠨ ᠤ ᠥᠪᠡᠷᠲᠡᠭᠡᠨ ᠵᠠᠰᠠᠬᠤ | ᠬᠤᠰᠢᠭᠤᠨ ᠤ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ | ᠡᠵᠡᠮᠳᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠶ ᠪᠠᠷ ᠠᠵᠢᠯᠯᠠᠵᠤ᠂ ᠪᠣᠳᠠᠲᠠᠶ ᠠᠴᠠ ᠡᠭᠦᠰᠴᠦ ᠪᠦᠲᠦᠭᠡᠯᠴᠢ ᠴᠢᠨᠠᠷᠲᠠᠶ ᠪᠠᠷ | ᠠᠵᠢᠯ ᠢᠶᠠᠨ ᠥᠷᠨᠢᠭᠦᠯᠬᠦ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠠᠶᠢᠨ ᠰᠠᠶᠢᠬᠠᠨ ᠲᠦᠷᠦ ᠶᠢᠨ ᠪᠤᠳᠤᠯᠭ᠎ᠠ ᠶᠢ | ᠭᠦᠢᠴᠡᠳ ᠬᠡᠷᠡᠭᠯᠡᠵᠦ᠂ ᠨᠢᠭᠡ ᠪᠦᠯᠦᠭ ᠰᠠᠶᠢᠨ ᠲᠦᠷᠦᠯ ᠵᠦᠢᠯ ᠲᠤᠮᠤ ᠲᠦᠷᠦᠯ ᠵᠦᠢᠯ ᠢ ᠤᠨᠢᠨ ᠳᠡᠭᠡᠷ᠎ᠡ ᠨᠢ ᠲᠥᠯᠥᠪᠵᠢᠭᠦᠯᠦᠨ ᠬᠡᠷᠡᠭᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠳᠤ ᠨᠡᠩ ᠭᠦᠢᠴᠡᠳ ᠬᠥᠳᠡᠯᠭᠡᠬᠦ ᠬᠦᠴᠦᠨ ᠪᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠤᠭᠠᠴᠠᠯ᠂ ᠠᠮᠢ ᠠᠬᠤᠢ ᠶᠢᠨ ᠭᠤᠷᠪᠠᠨ ᠠᠵᠢᠯ ᠢ ᠭᠦᠢᠴᠡᠳ ᠰᠠᠶᠢᠲᠤᠷ | ᠬᠢᠵᠦ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ ᠢ ᠦᠨᠡᠨᠬᠦ ᠬᠥᠭᠵᠢᠯᠲᠡ ᠶᠢᠨ ᠢᠯᠠᠯᠲᠠ ᠪᠣᠯᠭᠠᠨ ᠬᠤᠪᠢᠷᠠᠭᠤᠯᠬᠤ ᠬᠡᠷᠡᠭᠲᠡᠢ᠃ | ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠵᠤ᠂ ᠰᠠᠭᠤᠷᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ | ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠠᠭᠤᠰᠤᠯᠴᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠶᠢ | ᠨᠡᠩ ᠪᠦᠬᠦ ᠲᠠᠯ᠎ᠠ ᠪᠠᠷ ᠭᠦᠨᠵᠡᠭᠡᠢ ᠤᠳᠠᠭᠠᠨ ᠳᠠᠭᠠᠭᠠᠮᠠᠭᠠᠢ ᠥᠷᠨᠢᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠴᠢ ᠳ᠋ᠢᠶᠠᠨ ᠯᠢ ᠬᠢᠨᠠᠨ ᠵᠥᠪᠯᠡᠬᠦ ᠳᠤ ᠣᠷᠣᠯᠴᠠᠪᠠ᠃ | | |