| 1 ᠰᠠᠷ᠎ᠠ ᠶᠢᠨ 17 ᠤ ᠡᠳᠦᠷ᠂ ᠪᠥᠬᠦ ᠬᠤᠰᠢᠭᠤᠨ ᠤ ᠢᠳᠡᠭᠡᠨ ᠤ ᠮᠥᠭᠦ ᠶᠢᠨ ᠦᠢᠯᠡᠳᠪᠦᠷᠢᠯᠡᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳ᠋ᠡ ᠶᠠᠩ | ᠱᠤ᠋ ᠪᠠᠯᠭᠠᠰᠤᠨ ᠳᠤ ᠬᠤᠷᠠᠯᠳᠤᠵᠤ᠂ 2023 ᠣᠨ ᠤ ᠢᠳᠡᠭᠡᠨ ᠤ ᠮᠥᠭᠦ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ 2024 ᠣᠨ ᠤ ᠢᠳᠡᠭᠡᠨ ᠤ ᠮᠥᠭᠦ ᠶᠢᠨ ᠠᠵᠤ ᠦᠢᠯᠡᠰ ᠤᠨ ᠬᠥᠭᠵᠢᠯᠲᠡ ᠶᠢᠨ ᠬᠠᠷᠠᠯᠲᠠ ᠡᠭᠦᠷᠭᠡ ᠳᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠡᠯ᠎ᠡ ᠰᠢᠶᠠᠩ ᠪᠠᠯᠭᠠᠰᠤ ᠲᠠᠭᠠᠭᠤᠯᠤᠭᠴᠢ ᠠᠵᠤ ᠠᠬᠤᠶᠢᠯᠠᠯ ᠢ ᠰᠢᠯᠢᠨ ᠰᠣᠩᠭᠤᠵᠤ ᠪᠤᠶᠢᠵᠢᠭᠤᠯᠤᠨ ᠲᠡᠳᠬᠦᠬᠦ ᠠᠵᠢᠯ ᠢ ᠥᠷᠨᠢᠭᠦᠯᠵᠦ᠂ | ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠷᠣᠯᠠᠭᠤᠯᠬᠤ᠂ ᠰᠤᠳᠤᠯᠤᠨ ᠨᠡᠭᠡᠭᠡᠬᠦ᠂ | ᠳᠡᠯᠭᠡᠷᠡᠭᠦᠯᠬᠦ ᠪᠠᠷ ᠭᠤᠣᠯᠳᠠᠯᠭ᠎ᠠ ᠪᠣᠯᠭᠠᠵᠤ᠂ ᠵᠢᠱᠢᠶ᠎ᠡ ᠦᠵᠡᠭᠦᠯᠬᠦ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠳᠡᠭᠡᠨ ᠤ ᠮᠦᠬᠦ ᠶᠢᠨ | ᠪᠦᠲᠦᠭᠡᠭᠳᠡᠬᠦᠨ ᠢ ᠰᠤᠳᠤᠯᠤᠨ ᠨᠡᠭᠡᠭᠡᠬᠦ ᠳᠤᠲᠠᠭᠤᠳᠠᠯ ᠪᠣᠯᠤᠨ ᠪᠠᠭᠤᠷᠠᠢ ᠲᠠᠯ᠎ᠠ ᠶᠢ ᠬᠦᠴᠦᠯᠡᠨ ᠨᠥᠬᠦᠪᠥᠷᠢᠯᠡᠵᠦ᠂ ᠢᠳᠡᠭᠡᠨ ᠤ ᠮᠦᠬᠦ ᠶᠢᠨ ᠪᠦᠲᠦᠭᠡᠭᠳᠡᠬᠦᠨ ᠢ | ᠪᠣᠷᠣᠯᠠᠭᠤᠯᠬᠤ ᠠᠷᠭ᠎ᠠ ᠵᠠᠮ ᠢ ᠥᠷᠭᠡᠳᠬᠡᠨ ᠪᠠᠶᠠᠯᠢᠭᠵᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠲᠦᠷᠦᠯ ᠵᠦᠢᠯ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ ᠠᠮᠢᠳᠤᠯᠢᠭ ᠢᠶᠠᠷ ᠬᠡᠷᠡᠭᠯᠡᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠵᠤ᠂ ᠮᠠᠨ ᠤ ᠬᠤᠰᠢᠭᠤᠨ ᠤ ᠢᠳᠡᠭᠡᠨ ᠤ ᠮᠥᠭᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨᠬᠦ ᠠᠬᠢᠭᠤᠯᠬᠤ | ᠬᠡᠷᠡᠭᠲᠡᠶ᠃ | ᠵᠦ ᠰᠢᠶᠤᠤ ᠭᠤᠸᠠᠩ᠂ ᠮᠠ ᠠᠶ ᠹᠸᠢ᠂ ᠶᠠᠩ ᠵᠢᠶ ᠳ᠋ᠦᠩ ᠬᠤᠷᠠᠯ ᠳᠤ ᠣᠷᠣᠯᠴᠠᠪᠠ᠃ |