ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠵᠢᠱᠢᠭᠳᠡᠭᠴᠢ ᠠ ᠵᠢᠶᠠᠩ ᠳ᠋ᠠ ᠪᠢᠩ ᠦᠷᠦᠪᠳᠢᠶᠧ ᠪᠠᠯᠭᠠᠰᠤᠨ ᠤ ᠰᠢᠨ ᠹᠠ ᠲᠣᠰᠬᠤᠨ ᠳᠤ ᠬᠦᠷᠴᠦ ᠲᠤᠰᠬᠠᠢ ᠰᠡᠳᠦᠪᠲᠦ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/11/5
202401151050435051zul7g.jpg
    1 ᠰᠠᠷ᠎ᠠ ᠶᠢᠨ 11 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠢᠨ ᠵᠢᠱᠢᠭᠳᠡᠭᠴᠢ ᠠ ᠵᠢᠶᠠᠩ ᠳ᠋ᠠ ᠪᠢᠩ ᠦᠷᠦᠪᠳᠢᠶᠧ ᠪᠠᠯᠭᠠᠰᠤᠨ ᠤ ᠰᠢᠨ ᠹᠠ ᠲᠣᠰᠬᠤᠨ ᠳᠤ ᠬᠦᠷᠴᠦ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠡᠭᠦᠨ ᠤ ᠬᠠᠮᠲᠤ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    ᠶᠠᠷᠢᠯᠴᠠᠬᠤ ᠬᠤᠷᠠᠯ ᠳᠡᠭᠡᠷ᠎ᠡ᠂ ᠠ ᠵᠢᠶᠠᠩ ᠳ᠋ᠠ ᠪᠢᠩ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠣᠳᠣᠬᠠᠨ ᠤ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠵᠤ᠂ ᠪᠠᠯᠭᠠᠰᠤ ᠲᠣᠰᠬᠤᠨ ᠤ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠡᠮᠬᠢᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠲᠤᠰᠬᠠᠢ ᠰᠡᠳᠦᠪᠲᠦ ᠨᠠᠮ ᠤᠨ ᠬᠢᠴᠢᠶᠡᠯ ᠳᠡᠭᠡᠷ᠎ᠡ᠂ ᠠ ᠵᠢᠶᠠᠩ ᠳ᠋ᠠ ᠪᠢᠩ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠵᠦᠢ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠤᠯᠠᠨ ᠢ ᠬᠦᠳᠦᠯᠦᠨ ᠳᠠᠭᠠᠭᠤᠯᠵᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠤᠬᠠᠢ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠤᠢᠢᠯᠠᠭᠠᠨ ᠮᠡᠳᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠰᠡᠳᠬᠢᠴᠡ ᠪᠠ ᠪᠠᠶᠢᠷᠢᠰᠢᠯ ᠢ ᠭᠦᠢᠴᠡᠳ ᠤᠢᠢᠯᠠᠭᠠᠨ ᠡᠵᠡᠮᠰᠢᠭᠦᠯᠪᠡ᠃    ᠠ ᠵᠢᠶᠠᠩ ᠳ᠋ᠠ ᠪᠢᠩ ᠪᠠᠰᠠ ᠦᠷᠦᠪᠴᠢ ᠪᠠᠯᠭᠠᠰᠤᠨ ᠤ ᠢᠳᠡᠰᠢᠨ ᠮᠦᠬᠦ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠭᠦᠨᠵᠡᠭᠡᠶᠢᠷᠡᠵᠦ᠂ ᠮᠦᠬᠦ ᠶᠢᠨ ᠦᠢᠯᠡᠳᠪᠦᠷᠢᠯᠡᠯ ᠤᠨ ᠪᠠᠶᠢᠳᠠᠯ ᠢ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃   
ᠢᠷᠡᠯᠲᠡ᠄ ᠲᠣᠲᠣᠷᠬᠠᠢ ᠦᠭᠡᠢ