ᠶᠢᠨ ᠬᠤᠩ ᠱᠧᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/5
20240115104724471m3163d.jpg
    1 ᠰᠠᠷ᠎ᠠ ᠶᠢᠨ 12 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠬᠤᠶᠠᠳᠤᠭᠠᠷ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠬᠤᠷᠠᠯ ᠠᠴᠠ ᠡᠮᠦᠨᠡᠬᠢ ᠲᠥᠪᠯᠡᠷᠡᠭᠦᠯᠦᠨ ᠰᠤᠷᠤᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠬᠤᠰᠢᠭᠤᠨ ᠤ ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠪᠦᠷᠢᠯᠳᠦᠬᠦᠨ ᠨᠡᠷ ᠰᠤᠷᠤᠯᠴᠠᠯᠭ᠎ᠠ ᠳᠤ ᠣᠷᠣᠯᠴᠠᠪᠠ᠃    ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠪᠠᠷ ᠲᠥᠪᠯᠡᠷᠡᠭᠦᠯᠦᠨ ᠰᠤᠷᠤᠯᠴᠠᠪᠠ᠃    ᠬᠤᠷᠠᠯ ᠠᠴᠠ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠪᠣᠯ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠴᠢᠬᠤᠯᠠ ᠠᠭᠤᠯᠭ᠎ᠠ ᠪᠣᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠶᠢ ᠵᠠᠪᠠᠯ ᠰᠤᠷᠬᠤ ᠬᠢᠴᠢᠶᠡᠯ᠂ ᠨᠠᠰᠤᠨ ᠲᠤᠷᠰᠢᠳᠠ ᠶᠢᠨ ᠬᠢᠴᠢᠶᠡᠯ ᠪᠣᠯᠭᠠᠵᠤ᠂ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠪᠠ ᠣᠨᠣᠯ ᠤᠨ ᠰᠠᠭᠤᠷᠢ ᠶᠢ ᠪᠠᠲᠤ ᠲᠠᠯᠪᠢᠬᠤ ᠬᠡᠷᠡᠭᠲᠡᠶ᠃ ᠬᠤᠷᠠᠯ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠵᠦ᠂ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠨᠢᠭᠤᠷ ᠤᠯᠠᠶᠢᠯᠭᠠᠨ ᠬᠥᠯᠥᠰᠥ ᠭᠠᠷᠭᠠᠬᠤ ᠦᠷ᠎ᠡ ᠪᠦᠲᠦᠮᠵᠢ ᠳᠤ ᠬᠦᠷᠭᠡᠬᠦ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢᠨ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠶ᠋ᠳᠪᠦᠷᠢᠯᠡᠵᠦ᠂ ᠣᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠣᠯᠠᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠬᠦ ᠪᠥᠬᠦ ᠶᠠᠪᠤᠴᠠ ᠡᠯ᠎ᠡ ᠲᠠᠯ᠎ᠠ ᠳᠤ ᠬᠠᠶᠢᠷ᠎ᠠ ᠰᠡᠳᠬᠢᠯᠭᠡ ᠪᠠᠨ ᠢᠯᠡᠷᠡᠭᠦᠯᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠳᠣᠪᠤᠶᠢᠯᠭᠠᠵᠤ᠂ ᠭᠤᠤᠯ ᠰᠡᠳᠦᠪᠲᠦ ᠬᠥᠮᠦᠵᠢᠯ ᠤᠨ ᠣᠷᠭᠢᠯᠣᠨ ᠪᠠᠳᠠᠷᠠᠭᠰᠠᠨ ᠰᠤᠷᠤᠯᠴᠠᠯᠭ᠎ᠠ᠂ ᠠᠵᠢᠯ ᠤᠨ ᠬᠠᠯᠠᠭᠤᠨ ᠰᠡᠳᠬᠢᠯᠭᠡ ᠶᠢ ᠦᠨᠡᠨᠬᠦ ᠤᠯᠠᠮ ᠨᠢᠭᠡ ᠠᠯᠬᠤᠮ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃    ᠬᠤᠷᠠᠯ ᠠᠴᠠ᠂ ᠠᠶᠤᠯᠭᠦᠢ ᠦᠢᠯᠡᠳᠪᠦᠷᠢᠯᠡᠯ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠨ᠎ᠠ᠂ ᠵᠢᠯ ᠤᠨ ᠡᠴᠦᠰ ᠵᠢᠯ ᠤᠨ ᠡᠬᠢ ᠪᠠᠷ ᠠᠶᠤᠯᠭᠦᠢ ᠦᠢᠯᠡᠳᠪᠦᠷᠢᠯᠡᠯ ᠵᠠᠩᠭᠢᠯᠠᠭ᠎ᠠ ᠶᠢᠨ ᠴᠡᠭ ᠲᠤ ᠣᠷᠣᠵᠠᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠤᠯᠤᠰ ᠤᠨ ᠳᠣᠲᠣᠭᠠᠳᠤ ᠶᠢᠨ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠡᠰᠢᠭᠦᠳ ᠪᠠᠰᠠ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ - ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠶ᠎ᠠ︾ ᠭᠡᠬᠦ ᠲᠤᠰᠬᠠᠶ ᠰᠡᠳᠦᠪᠲᠦ ᠹᠢᠯᠢᠮ ᠢ ᠬᠠᠮᠲᠤ ᠪᠠᠷ ᠰᠣᠨᠢᠷᠬᠠᠪᠠ᠃
ᠢᠷᠡᠯᠲᠡ᠄ ᠲᠣᠲᠣᠷᠬᠠᠢ ᠦᠭᠡᠢ