ᠮᠠᠨ ᠤ ᠬᠤᠰᠢᠭᠤ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠬᠢᠨᠠᠨ ᠰᠢᠯᠭᠠᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠪᠡ
ᠨᠡᠶᠢᠲᠡᠯᠡᠭᠰᠡᠨ ᠴᠠᠭ᠄
2024/11/5
20240112100651568nvpo6m.jpg
    1 ᠰᠠᠷ᠎ᠠ ᠶᠢᠨ 10 ᠤ ᠡᠳᠦᠷ᠂ ᠬᠤᠲᠠ ᠶᠢᠨ ᠠᠶᠤᠯᠭᠦᠶ ᠦᠶ᠋ᠯᠡᠳᠪᠦᠷᠢᠯᠡᠯ ᠤᠨ ᠵᠥᠪᠯᠡᠯ ᠤᠨ ᠬᠢᠨᠠᠨ ᠰᠢᠯᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠤᠨ ᠲᠤᠬᠠᠶ ᠬᠢᠨᠠᠨ ᠵᠢᠯᠣᠭᠤᠳᠴᠤ ᠬᠢᠨᠠᠨ ᠰᠢᠯᠭᠠᠪᠠ᠃    ᠬᠤᠷᠠᠯᠳᠤᠭᠤᠯᠤᠭᠰᠠᠨ ᠬᠠᠷᠢᠭᠤ ᠮᠡᠳᠡᠭᠦᠯᠦᠯᠲᠡ ᠶᠢᠨ ᠬᠤᠷᠠᠯ ᠳᠡᠭᠡᠷ᠎ᠡ᠂ ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ᠂ ᠭᠠᠯ ᠰᠡᠷᠭᠡᠶᠢᠯᠡᠬᠦ ᠠᠮᠤᠷ ᠲᠦᠪᠰᠢᠨ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠤᠨ ᠪᠠᠶᠢᠭᠤᠯᠤᠯᠲᠠ ᠵᠡᠷᠭᠡ ᠲᠠᠯ᠎ᠠ ᠪᠠᠷ ᠬᠢᠨᠠᠨ ᠰᠢᠯᠭᠠᠬᠤ ᠳᠤᠭᠤᠶᠢᠯᠠᠩ ᠳᠤ ᠬᠠᠷᠢᠭᠤ ᠮᠡᠳᠡᠭᠦᠯᠦᠯᠲᠡ ᠬᠢᠵᠡᠶ᠃    ᠬᠢᠨᠠᠨ ᠰᠢᠯᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ 2023 ᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠯ᠎ᠡ ᠬᠠᠮᠢᠶ᠎ᠠ ᠪᠥᠬᠦᠶ ᠨᠢᠭᠡᠴᠡ᠂ ᠠᠵᠤ ᠠᠬᠤᠶᠢᠯᠠᠯ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠳᠠᠯᠭ᠎ᠠ ᠲᠠᠢ ᠠᠵᠢᠯ ᠢ ᠦᠷᠭᠦᠯᠵᠢᠯᠡᠨ ᠴᠢᠬᠤᠯᠠᠴᠢᠯᠠᠵᠤ᠂ ᠬᠡᠯᠪᠡᠷᠢ ᠶᠢᠨ ᠲᠡᠳᠦᠶ ᠥᠩᠭᠡᠷᠡᠭᠦᠯᠬᠦ ᠶᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠬᠠᠭᠤᠯᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠵᠤ᠂ ᠪᠥᠬᠦ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃    ᠸᠠᠩ ᠴᠢ ᠬᠤᠷᠠᠯ ᠳᠤ ᠣᠷᠣᠯᠴᠠᠪᠠ᠃
ᠢᠷᠡᠯᠲᠡ᠄ ᠲᠣᠲᠣᠷᠬᠠᠢ ᠦᠭᠡᠢ