1 ᠰᠠᠷ᠎ᠠ ᠶᠢᠨ 10 ᠤ ᠡᠳᠦᠷ᠂ ᠶᠢᠨ ᠬᠤᠩ ᠱᠧᠩ᠂ ᠳ᠋ᠠᠢ ᠰᠢ ᠶᠤᠸᠠᠨ᠂ ᠠ ᠵᠢᠶᠠᠩ ᠳ᠋ᠠ ᠪᠢᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ | ᠣᠷᠣᠯᠴᠠᠪᠠ᠃ | ᠬᠤᠷᠠᠯ ᠠᠴᠠ ᠪᠥᠬᠦ ᠬᠤᠰᠢᠭᠤᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ 2023 ᠣᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ | ᠮᠡᠳᠡᠭᠳᠡᠭᠰᠡᠨ ᠪᠥᠭᠡᠳ 2024 ᠣᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠳ᠋ᠠ ᠶᠠᠩ ᠱᠤ᠋ ᠪᠠᠯᠭᠠᠰᠤ᠂ | ᠦᠷᠦᠪᠳᠢᠶᠧ ᠪᠠᠯᠭᠠᠰᠤ᠂ ᠢ ᠯᠢ ᠪᠠᠯᠭᠠᠰᠤ ᠵᠡᠷᠭᠡ ᠰᠢᠶᠠᠩ ᠪᠠᠯᠭᠠᠰᠤ ᠪᠣᠯᠤᠨ ᠲᠣᠰᠬᠤᠨ ᠳᠤ ᠰᠠᠭᠤᠭ᠎ᠠ ᠬᠡᠰᠡᠭ ᠠᠵᠢᠯᠯᠠᠬᠤ ᠠᠩᠬᠢ ᠶᠢᠨ ᠲᠥᠯᠥᠭᠡᠯᠡᠭᠴᠢ | ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠦᠨᠡᠨ ᠬᠦ ᠬᠠᠪᠰᠤᠷᠴᠤ ᠪᠣᠳᠠᠲᠠᠶ ᠲᠡᠳᠬᠦᠬᠦ᠂ | ᠦᠨᠡᠨ ᠬᠦ ᠠᠳᠬᠤᠨ ᠪᠣᠳᠠᠲᠠᠶ ᠠᠵᠢᠯᠯᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠦ᠂ ᠢᠳᠡᠪᠬᠢᠲᠡᠶ | ᠬᠤᠪᠢ ᠨᠡᠮᠡᠷᠢ ᠦᠵᠡᠭᠦᠯᠪᠡ᠃ ᠥᠷᠭᠡᠨ ᠣᠯᠠᠨ ᠲᠣᠰᠬᠤᠨ ᠳᠤ ᠰᠠᠭᠤᠭ᠎ᠠ ᠺᠠᠳ᠋ᠷᠴᠤᠳ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ | ᠴᠢᠩᠭᠠᠳᠬᠠᠵᠤ᠂ ᠰᠡᠳᠬᠢᠯ ᠰᠢᠭᠤᠳᠤᠨ᠂ ᠪᠡᠶ᠎ᠡ ᠪᠠᠷ ᠢᠶᠠᠨ ᠬᠢᠵᠦ᠂ ᠦᠨᠳᠦᠰᠦᠨ ᠠᠴᠠ ᠪᠠᠨ ᠪᠠᠭᠤᠵᠤ᠂ ᠲᠣᠰᠬᠤᠨ ᠳᠤ ᠰᠠᠭᠤᠬᠤ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠲᠤᠪᠤᠶᠢᠯᠭᠠᠨ᠂ ᠲᠣᠰᠬᠤᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ | ᠪᠠᠶᠢᠭᠤᠯᠤᠨ ᠬᠦᠴᠦᠷᠬᠡᠭᠵᠢᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠴᠢᠳᠠᠪᠤᠷᠢ ᠬᠡᠪ ᠴᠢᠨᠠᠷ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠬᠥᠳᠡᠭᠡ | ᠲᠣᠰᠬᠤᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠲᠣᠰᠬᠤᠨ ᠳᠤ ᠰᠠᠭᠤᠬᠤ | ᠠᠵᠢᠯᠯᠠᠬᠤ ᠠᠩᠭᠢ ᠶᠢᠨ ᠭᠡᠰᠢᠭᠦᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠲᠣᠰᠬᠤᠨ ᠳᠤ ᠰᠠᠭᠤᠬᠤ ᠺᠠᠳ᠋ᠷ ᠤᠨ ᠬᠠᠮᠢᠶᠠᠷᠤᠯᠲᠠ ᠶᠢᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠣᠰᠬᠤᠨ ᠳᠤ ᠰᠠᠭᠤᠬᠤ | ᠠᠵᠢᠯᠲᠠᠨ ᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠦᠴᠦᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ | ᠬᠡᠷᠡᠭᠲᠡᠢ᠃ ᠰᠢᠯᠢᠳᠡᠭ ᠢ ᠨᠢ ᠰᠣᠩᠭᠤᠵᠤ ᠴᠢᠩᠭ᠎ᠠ ᠬᠠᠮᠢᠶᠠᠷᠬᠤ ᠶᠢ ᠪᠠᠷᠢᠮᠲᠠᠯᠠᠭᠰᠠᠨ ᠰᠠᠭᠤᠷᠢᠨ ᠳᠡᠭᠡᠷ᠎ᠡ᠂ ᠲᠣᠰᠬᠤᠨ ᠳᠤ ᠰᠠᠭᠤᠭ᠎ᠠ ᠬᠥᠮᠦᠰ ᠢ ᠬᠠᠯᠠᠮᠵᠢᠯᠠᠨ | ᠬᠠᠶᠢᠷᠠᠯᠠᠬᠤ ᠶᠢ ᠨᠡᠩ ᠴᠢᠬᠤᠯᠠᠴᠢᠯᠠᠵᠤ᠂ ᠡᠳᠦᠷ ᠲᠤᠳᠤᠮ ᠤᠨ ᠬᠠᠮᠢᠶᠠᠷᠤᠯᠲᠠ ᠪᠠ ᠪᠠᠲᠤᠯᠠᠭ᠎ᠠ ᠶᠢᠨ ᠦᠢᠯᠡᠴᠢᠯᠡᠭᠡᠨ ᠤ ᠠᠵᠢᠯ ᠢ ᠰᠠᠶᠢᠲᠤᠷ ᠠᠳᠬᠤᠵᠤ᠂ | ᠲᠣᠰᠬᠤᠨ ᠳᠤ ᠰᠠᠭᠤᠭ᠎ᠠ ᠺᠠᠳ᠋ᠷᠴᠤᠳ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠶᠢ ᠵᠣᠷᠢᠭᠵᠢᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠣᠰᠬᠤᠨ ᠳᠤ ᠰᠠᠭᠤᠭ᠎ᠠ ᠺᠠᠳ᠋ᠷᠴᠤᠳ ᠤᠨ | ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠵᠡᠷᠭᠡ ᠠᠵᠢᠯ ᠤᠨ ᠳᠤᠮᠳᠠᠬᠢ ᠲᠡᠷᠢᠭᠦᠨ ᠤ ᠦᠢᠯᠡ ᠠᠵᠢᠯᠯᠠᠭ᠎ᠠ ᠶᠢ ᠭᠦᠢᠴᠡᠳ | ᠠᠭᠤᠳᠠᠯᠵᠤ᠂ ᠥᠷᠭᠡᠨ ᠤᠯᠠᠨ ᠲᠣᠰᠬᠤᠨ ᠳᠤ ᠰᠠᠭᠤᠭ᠎ᠠ ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠬᠤ ᠶᠢ ᠦᠨᠡᠨ ᠬᠦ ᠵᠣᠷᠢᠭᠵᠢᠭᠤᠯᠬᠤ ᠬᠡᠷᠡᠭᠲᠡᠢ᠃ | |