1 ᠰᠠᠷ᠎ᠠ ᠶᠢᠨ 10 ᠤ ᠡᠳᠦᠷ᠂ ᠮᠠᠨ ᠤ ᠬᠤᠰᠢᠭᠤ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠬᠤᠷᠠᠯ ᠬᠤᠷᠠᠯᠳᠤᠭᠤᠯᠵᠤ | ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠠᠴᠠ ᠪᠥᠬᠦ ᠬᠤᠰᠢᠭᠤᠨ ᠤ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2024 ᠣᠨ ᠤ ᠠᠵᠢᠯ ᠤᠨ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠪᠠ᠃ ᠦᠷᠦᠪᠳᠢᠶᠧ ᠪᠠᠯᠭᠠᠰᠤᠨ ᠤ ᠮᠤᠣ ᠵᠢᠶᠠ ᠫᠦ᠋ ᠲᠣᠰᠬᠤᠨ᠂ ᠳ᠋ᠠ ᠶᠠᠩ ᠱᠦ ᠪᠠᠯᠭᠠᠰᠤᠨ ᠤ ᠳᠦᠸᠧ ᠪᠦ᠋ ᠺᠦᠷ ᠤᠨ ᠠᠩᠴᠢᠨ | ᠲᠣᠰᠬᠤᠨ᠂ ᠢ ᠯᠢ ᠪᠠᠯᠭᠠᠰᠤᠨ ᠤ ᠺᠦᠢ ᠯᠧ ᠾᠧ ᠲᠣᠰᠬᠤᠨ ᠵᠡᠷᠭᠡ ᠲᠣᠰᠬᠤᠨ ᠤ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠲᠣᠰᠬᠤᠨ ᠤ | ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠤᠯ ᠬᠦᠴᠦᠯᠡᠬᠦ ᠴᠡᠭ ᠪᠣᠯᠭᠠᠵᠤ | ᠂ ︽ᠲᠣᠰᠬᠤᠨ ᠤ ᠺᠠᠳ᠋ᠷ ᠤᠨ ᠱᠠᠩᠨᠠᠯ ᠤᠨ ᠬᠠᠷᠠᠮᠵᠢ ᠶᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠡᠶ᠎ᠡ ᠪᠠᠨ ᠳᠠᠭᠠᠭᠠᠵᠤ ᠡᠵᠡᠩᠨᠡᠭᠰᠡᠨ ᠠᠰᠢᠭ ᠣᠷᠣᠯᠭ᠎ᠠ ᠲᠠᠢ | ᠬᠤᠯᠪᠣᠭᠳᠠᠭᠤᠯᠬᠤ ᠲᠦᠷ ᠬᠡᠷᠡᠭᠵᠢᠭᠦᠯᠬᠦ ᠠᠷᠭ᠎ᠠ︾ ᠪᠠᠷ ᠭᠠᠷᠳᠠᠴᠠ ᠪᠣᠯᠭᠠᠵᠤ᠂ ᠯᠠᠪᠳᠠᠭᠤᠨ ᠪᠥᠭᠡᠳ ᠡᠮᠬᠢ ᠵᠢᠷᠤᠮ ᠲᠠᠢ᠂ ᠤᠷᠢᠳᠠᠪᠠᠷ ᠲᠤᠷᠰᠢᠯᠲᠠ ᠬᠢᠵᠦ᠂ | ᠴᠡᠭ ᠢᠶᠠᠷ ᠨᠡᠶᠢᠳᠡᠮ ᠢ ᠳᠠᠶᠢᠴᠢᠯᠠᠵᠤ᠂ ᠪᠥᠬᠦ ᠲᠠᠯ᠎ᠠ ᠪᠠᠷ ᠳᠡᠯᠭᠡᠷᠡᠭᠦᠯᠬᠦ ᠶᠢ ᠪᠠᠷᠢᠮᠲᠠᠯᠠᠵᠤ᠂ ᠲᠣᠰᠬᠤᠨ ᠤ ᠺᠠᠳ᠋ᠷᠴᠤᠳ ᠤᠨ ᠠᠵᠢᠯ ᠬᠢᠵᠦ ᠠᠳᠠᠯ ᠦᠢᠯᠡᠰ | ᠴᠣᠭᠴᠠᠯᠠᠬᠤ ᠳᠣᠲᠣᠭᠠᠳᠤ ᠬᠥᠳᠡᠯᠭᠡᠬᠦ ᠬᠦᠴᠦᠨ ᠢ ᠪᠦᠲᠦᠮᠵᠢᠲᠡᠶ ᠬᠥᠭᠵᠢᠭᠡᠵᠦ᠂ ᠪᠥᠬᠦ ᠬᠤᠰᠢᠭᠤᠨ ᠤ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ | ᠲᠦᠷᠭᠡᠨ ᠵᠠᠮ ᠳᠤ ᠣᠷᠣᠵᠤ᠂ ᠬᠤᠷᠳᠤᠴᠠ ᠶᠢ ᠲᠦᠷᠭᠡᠳᠬᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠪᠣᠯ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠬᠤ ᠶᠢ ᠪᠡᠶᠡᠯᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠠᠰᠠ ᠴᠤ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠴᠢᠩᠭᠠᠷᠠᠭᠤᠯᠬᠤ ᠶᠢᠨ ᠴᠢᠬᠤᠯᠠ ᠪᠠᠲᠤᠯᠠᠭ᠎ᠠ ᠮᠥᠨ᠃ ᠪᠦᠬᠦ ᠬᠤᠰᠢᠭᠤ ᠪᠠᠷ ᠢᠶᠠᠨ | ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠬᠦᠳᠦᠯᠦᠨ | ᠳᠠᠭᠠᠭᠤᠯᠬᠤ ᠶᠢ ᠪᠠᠷᠢᠮᠲᠠᠯᠠᠵᠤ᠂ ᠲᠣᠰᠬᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠤᠨᠴᠠᠯᠢᠬᠳᠤ ᠠᠵᠤ ᠦᠢᠯᠡᠰ ᠢ ᠰᠠᠶᠢᠲᠤᠷ ᠠᠳᠬᠤᠵᠤ᠂ ᠡᠯ᠎ᠡ | ᠲᠠᠯ᠎ᠠ ᠶᠢᠨ ᠠᠰᠢᠭᠲᠠᠢ ᠲᠦᠷᠦ ᠶᠢᠨ ᠪᠤᠳᠤᠯᠭ᠎ᠠ ᠶᠢ ᠴᠢᠩᠭ᠎ᠠ ᠠᠩᠬᠠᠷᠴᠤ᠂ ᠠᠷᠭ᠎ᠠ ᠪᠦᠬᠦᠨ ᠢ ᠰᠦᠪᠡᠭᠴᠢᠯᠡᠨ ᠲᠣᠰᠬᠤᠨ ᠤ ᠬᠠᠮᠲᠤ ᠶᠢᠨ ᠲᠦᠷᠦᠯ ᠵᠦᠢᠯ᠂ ᠪᠡᠯᠡ | ᠮᠥᠩᠭᠦ ᠶᠢ ᠲᠡᠮᠡᠴᠡᠨ ᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠤᠨ ᠰᠠᠭᠤᠷᠢ ᠪᠣᠯᠤᠨ ᠤᠳᠤ ᠦᠶ᠎ᠡ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠢ | ᠤᠶᠠᠯᠳᠤᠭᠤᠯᠬᠤ᠂ ᠣᠬᠤᠷ ᠬᠤᠭᠤᠴᠠᠭᠠᠨ ᠤ ᠠᠰᠢᠭ ᠬᠤᠨᠵᠢᠪᠤᠷᠢ ᠪᠣᠯᠤᠨ ᠤᠷᠳᠤ ᠬᠤᠭᠤᠴᠠᠭᠠᠨ ᠤ ᠦᠷ᠎ᠡ ᠠᠰᠢᠭ ᠢ ᠤᠶᠠᠯᠳᠤᠭᠤᠯᠬᠤ ᠶᠢ ᠰᠦᠪᠡᠭᠴᠢᠯᠡᠵᠦ᠂ | ᠨᠢᠭᠡᠳᠦᠯᠲᠡᠢ ᠲᠥᠯᠥᠪᠵᠢᠭᠦᠯᠬᠦ᠂ ᠡᠬᠢ ᠪᠠᠶᠠᠯᠢᠭ ᠢ ᠨᠡᠶᠢᠳᠬᠡᠬᠦ ᠶᠢ ᠴᠢᠩᠭᠠᠳᠬᠠᠵᠤ᠂ ᠭᠠᠵᠠᠷ ᠰᠢᠷᠣᠢ ᠶᠢᠨ ᠠᠰᠢᠭᠯᠠᠯᠲᠠ᠂ ᠡᠳ᠋ ᠬᠦᠷᠦᠩᠭᠡ ᠶᠢᠨ ᠡᠵᠡᠩᠨᠡᠯᠲᠡ᠂ | ᠬᠦᠷᠦᠩᠭᠡ ᠶᠢᠨ ᠠᠵᠢᠯᠯᠠᠭᠠᠨ ᠵᠡᠷᠭᠡ ᠬᠥᠭᠵᠢᠯᠲᠡ ᠶᠢᠨ ᠵᠠᠭᠪᠤᠷ ᠢ ᠰᠠᠶᠢᠲᠤᠷ ᠬᠡᠷᠡᠭᠯᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠣᠰᠬᠤᠨ ᠤ ᠬᠠᠮᠲᠤ ᠶᠢᠨ | ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢ ᠰᠠᠶᠢᠲᠤᠷ ᠬᠡᠷᠡᠭᠯᠡᠵᠦ | ᠪᠠᠶᠢᠭᠠᠳ ᠲᠥᠪ ᠤᠨ ᠲᠣᠭᠲᠠᠭᠰᠠᠨ ᠴᠡᠭ ᠤᠨ ᠨᠢᠭᠡᠴᠢ ᠪᠣᠯᠤᠭᠰᠠᠨ ᠤ ᠬᠤᠪᠢ ᠳᠤ ᠣᠷᠴᠣᠨ ᠢ ᠬᠠᠪᠰᠤᠷᠤᠨ ᠲᠡᠳᠬᠦᠬᠦ ᠠᠵᠠ ᠲᠣᠬᠢᠶᠠᠯ ᠢ ᠰᠠᠶᠢᠲᠤᠷ ᠡᠵᠡᠮᠳᠡᠵᠦ᠂ | ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠪᠡᠯᠡ ᠮᠥᠩᠭᠦ ᠶᠢ ᠠᠭᠤᠰᠤᠯᠴᠠᠭᠤᠯᠬᠤ ᠶᠢ ᠰᠦᠪᠡᠭᠴᠢᠯᠡᠵᠦ᠂ ᠬᠥᠳᠡᠭᠡ ᠲᠣᠰᠬᠤᠨ ᠤ ᠬᠠᠮᠲᠤ ᠶᠢᠨ | ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠬᠥᠳᠡᠭᠡ ᠲᠣᠰᠬᠤᠨ ᠢ | ᠪᠦᠳᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠳ᠋ᠠᠶ ᠰᠢ ᠶᠤᠸᠠᠨ᠂ ᠠ ᠵᠢᠶᠠᠩ ᠳ᠋ᠠ ᠪᠢᠩ ᠵᠡᠷᠭᠡ ᠬᠤᠰᠢᠭᠤ | ᠤᠳᠤᠷᠢᠳᠤᠯᠭ᠎ᠠ ᠬᠤᠷᠠᠯ ᠳᠤ ᠣᠷᠣᠯᠴᠠᠵᠠᠶ᠃ |