ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠤᠷᠢᠳ ᠬᠤᠵᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠯᠢᠨ ᠲᠠᠢ ᠠᠳᠠᠯ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠨᠢᠭᠡᠴᠡ ᠳᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/11/5
20240111101851672ybzxue.jpg
    1 ᠰᠠᠷ᠎ᠠ ᠶᠢᠨ 9 ᠤ ᠡᠳᠦᠷ᠂ ᠮᠠᠨ ᠤ ᠬᠤᠰᠢᠭᠤᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠤᠷᠢᠳ ᠬᠤᠵᠢᠳ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠯᠢᠨ ᠲᠠᠢ ᠠᠳᠠᠯ ᠠᠬᠤᠶ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠨᠢᠭᠡᠴᠡ ᠳᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠲᠣᠬᠤᠨᠢᠭᠤᠯᠬᠤ ᠠᠵᠢᠯᠯᠠᠭ᠎ᠠ ᠥᠷᠨᠢᠭᠦᠯᠦᠭᠰᠡᠨ ᠪᠥᠭᠡᠳ ᠰᠢᠨ᠎ᠡ ᠬᠡᠯᠪᠡᠷᠢ ᠶᠢᠨ ᠦᠨᠳᠦᠰᠦᠨ ᠱᠠᠲᠤᠨ ᠤ ᠠᠵᠢᠯᠲᠠᠨ ᠳᠤ ᠲᠣᠬᠤᠨᠢᠭᠤᠯᠬᠤ ᠪᠣᠳᠠᠰ ᠪᠠ ᠰᠢᠨ᠎ᠡ ᠵᠢᠯ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ᠲᠣᠬᠤᠨᠢᠭᠤᠯᠬᠤ ᠳᠤᠭᠤᠶᠢᠯᠠᠩ ᠤᠨ ᠬᠢᠨ ᠲᠡᠳᠡᠨ ᠤ ᠬᠠᠬᠢᠷ ᠬᠦᠢᠲᠡᠨ ᠳᠤ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠪᠠᠶᠢᠳᠠᠯ ᠢ ᠬᠦᠨᠳᠦᠳᠬᠡᠵᠦ ᠪᠠᠶᠢᠬᠤ ᠪᠠᠨ ᠢᠯᠡᠳᠬᠡᠵᠦ᠂ ᠲᠡᠳᠡᠨ ᠤ ᠥᠪᠡᠷᠲᠡᠭᠡᠨ ᠵᠠᠰᠠᠬᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ᠂ ᠲᠡᠳᠡᠨ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨ᠎ᠡ ᠨᠢᠭᠡ ᠵᠢᠯ ᠳᠤ ᠨᠠᠩ ᠰᠢᠯᠢᠳᠡᠭ ᠬᠢᠷᠢ ᠪᠦᠲᠦᠮᠵᠢ ᠤᠯᠬᠤ ᠶᠢ ᠬᠦᠰᠡᠵᠦ ᠪᠠᠶᠢᠨ᠎ᠠ ᠭᠡᠵᠡᠶ᠃    ᠬᠥᠮᠦᠨ ᠤ ᠰᠡᠳᠬᠢᠯ ᠢ ᠳᠤᠯᠠᠭᠠᠴᠠᠭᠤᠯᠵᠤ᠂ ᠳᠠᠭᠤᠨ ᠳᠠᠭᠤᠨ ᠦᠨᠡᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠦᠨᠳᠦᠰᠦᠨ ᠱᠠᠲᠤᠨ ᠤ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠡᠳᠡᠨ ᠤ ᠪᠣᠳᠠᠲᠠᠶ ᠬᠡᠷᠡᠭᠴᠡᠭᠡ ᠶᠢ ᠴᠠᠭ ᠢᠮᠠᠭᠲᠠ ᠠᠩᠬᠠᠷᠴᠤ᠂ ᠲᠡᠳᠡᠨ ᠤ ᠪᠠᠴᠢᠮ ᠪᠡᠷᠬᠡ ᠵᠣᠪᠠᠨᠢᠯ ᠢ ᠰᠢᠢᠳᠪᠦᠷᠢᠯᠡᠨ᠂ ᠦᠨᠳᠦᠰᠦᠨ ᠱᠠᠲᠤᠨ ᠤ ᠠᠵᠢᠯᠲᠠᠨ ᠤ ᠨᠢᠭᠲᠠᠷᠠᠯ ᠤᠨ ᠬᠦᠴᠦᠨ᠂ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠨᠡᠮᠡᠭᠳᠡᠭᠦᠯᠬᠦ ᠪᠣᠯᠤᠨ᠎ᠠ᠃    ᠡᠦ ᠶᠢᠩ ᠵᠢᠶᠦ᠋ᠨ ᠠᠩᠭᠢ ᠳᠠᠭᠠᠭᠤᠯᠪᠠ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ