| 8 ᠰᠠᠷ᠎ᠠ ᠶᠢᠨ 14 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠯᠥᠨ | ᠪᠤᠶᠢᠷ ᠬᠤᠳᠠ᠂ ᠬᠢᠩᠭᠠᠨ ᠠᠶᠢᠮᠠᠭ ᠲᠤ ᠬᠦᠷᠴᠦ ᠤᠬᠠᠭᠤᠯᠤᠨ ᠲᠠᠶᠢᠯᠪᠤᠷᠢᠯᠠᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠪᠠᠶᠢᠭᠤᠯᠭ᠎ᠠ ᠳᠤ᠂ ᠥᠪᠡᠷᠲᠡᠭᠡᠨ ᠵᠠᠰᠠᠬᠤ ᠣᠷᠣᠨ ᠤ | ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ | ᠨᠢᠭᠡᠳᠦᠭᠡᠷ ᠳᠡᠳ᠋ ᠵᠠᠬᠢᠷᠤᠯ ᠭᠤᠤ ᠽᠦ ᠭᠦᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠬᠤᠷᠠᠯᠳᠤᠭᠰᠠᠨ | ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ | ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ᠂ ᠪᠦᠭᠦᠳᠡ ᠬᠤᠷᠠᠯ ᠤᠨ ︽ᠲᠣᠭᠲᠠᠭᠠᠯ | ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ | ᠣᠨᠣᠪᠴᠢᠲᠠᠶ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ | ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠠᠴᠠ ᠭᠦᠨᠵᠡᠭᠡᠢ ᠪᠥᠭᠡᠳ ᠠᠮᠢᠳᠤᠯᠢᠭ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ᠃ ᠮᠡᠳᠡᠭᠦᠯᠦᠯᠲᠡ ᠨᠢ | ᠯᠣᠭᠢᠭ ᠴᠢᠨᠠᠷ ᠢᠶᠠᠷ ᠨᠢᠭᠲᠠ ᠴᠢᠩᠭ᠎ᠠ᠂ ᠠᠭᠤᠯᠤᠭᠳᠠᠬᠤᠨ ᠨᠢ ᠭᠦᠨ ᠭᠦᠨᠵᠡᠭᠡᠢ᠂ ᠭᠢᠯᠪᠠᠷ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ | ᠵᠢᠯᠤᠭᠤᠳᠬᠤ ᠴᠢᠨᠠᠷ ᠲᠠᠢ ᠪᠣᠯᠵᠠᠢ᠃ | ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠪᠠᠶᠢᠭᠤᠯᠭ᠎ᠠ ᠶᠢᠨ ᠨᠠᠮ ᠤᠨ ᠬᠤᠷᠢᠶ᠎ᠠ ︵ᠠᠵᠢᠯᠲᠠᠨ ᠤ ᠶᠠᠪᠤᠳᠠᠯ ᠤᠨ ᠭᠠᠵᠠᠷ︶ ᠶᠢᠨ ᠭᠤᠷᠪᠠᠳᠤᠭᠠᠷ ᠳᠡᠰ ᠤᠨ ᠡᠷᠭᠢᠯᠡᠭᠴᠢ ᠭᠡᠰᠢᠭᠦᠴᠢ ᠶᠤᠸᠠᠨ ᠢ ᠶᠢᠨ ᠮᠠᠰᠢ ᠭᠦᠨ | ᠲᠥᠷᠥᠭᠳᠡᠯ ᠲᠠᠢ ᠪᠣᠯᠵᠠᠢ᠃ ᠲᠡᠷᠡ᠂ ᠵᠣᠬᠢᠶᠠᠨ ᠪᠠᠶᠢᠭᠤᠯᠬᠤ ᠠᠵᠢᠯ ᠤᠨ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠦᠵᠡᠯ ᠰᠠᠨᠠᠭ᠎ᠠ ᠲᠠᠨᠢᠯᠲᠠ ᠪᠠᠨ ᠲᠠᠰᠤᠷᠠᠯᠲᠠ | ᠦᠭᠡᠢ ᠭᠦᠨᠵᠡᠭᠡᠶᠢᠷᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠬᠤ ᠱᠤᠭᠤᠮ ᠢ ᠰᠤᠷᠤᠯᠴᠠᠨ ᠲᠤᠭᠤᠰᠢᠯᠠᠭᠤᠯᠬᠤ ᠲᠠᠢ ᠣᠷᠭᠠᠨᠢᠭ ᠢᠶᠠᠷ | ᠤᠶᠠᠯᠳᠤᠭᠤᠯᠵᠤ᠂ ︽ᠲᠡᠮᠦᠷ ᠢ ᠳᠠᠪᠲᠠᠬᠤ ᠳᠤ ᠥᠪᠡᠷ ᠢᠶᠠᠨ ᠵᠠᠪᠠᠯ ᠬᠠᠲᠠᠭᠤ ᠪᠠᠶᠢᠬᠤ︾ ᠬᠠᠷᠢᠭᠤᠴᠠᠯᠭᠠᠲᠤ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ | ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠᠷ ᠵᠣᠬᠢᠶᠠᠨ ᠪᠠᠶᠢᠭᠤᠯᠬᠤ ᠠᠵᠢᠯ ᠤᠨ ᠰᠢᠨ᠎ᠡ ᠶᠢ ᠡᠭᠦᠳᠴᠦ ᠲᠡᠷᠢᠭᠦᠨ ᠤ ᠬᠢ ᠪᠤᠯᠬᠤ ᠶᠢ ᠠᠬᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠰᠠᠶᠢᠲᠤᠷ ᠪᠡᠶᠡᠯᠡᠭᠦᠯᠬᠦ ᠶᠢᠨ ᠲᠥᠯᠥᠭᠡ ᠬᠦᠴᠦᠨ ᠴᠢᠳᠠᠯ ᠢᠶᠠᠨ ᠡᠷᠭᠦᠨ᠎ᠡ ᠭᠡᠵᠡᠢ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ | ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ | ᠵᠧᠨ ᠴᠢᠩ ︽ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠡᠴᠦᠰ ᠲᠤᠨᠢ ᠲᠤᠯᠲᠠᠯ᠎ᠠ ᠬᠢᠵᠦ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠠ ᠳᠦᠷᠢᠮ ᠤᠨ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠵᠣᠷᠢᠭ ᠰᠠᠨᠠᠭᠠᠨ ᠤ ᠠᠭᠤᠯᠤᠭᠳᠠᠬᠤᠨ᠂ | ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠠᠨᠢᠬᠤ ᠵᠡᠷᠭᠡ ᠲᠠᠯ᠎ᠠ ᠪᠠᠷ ᠭᠦᠨᠵᠡᠭᠡᠢ ᠰᠢᠰᠲ᠋ᠧᠮ ᠲᠠᠢ ᠤᠬᠠᠭᠤᠯᠤᠨ ᠲᠠᠶᠢᠯᠪᠤᠷᠢᠯᠠᠵᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠨᠠᠶᠢᠳᠠᠪᠤᠷᠢᠵᠢᠭᠤᠯᠬᠤ ᠲᠤᠬᠠᠢ ᠰᠡᠳᠬᠢᠴᠡ ᠠᠷᠭ᠎ᠠ ᠬᠡᠮᠵᠢᠶ᠎ᠡ ᠳᠤᠷᠠᠳᠴᠠᠢ᠃ | ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠰᠢᠰᠲ᠋ᠧᠮ ᠨᠢ ᠪᠦᠭᠦ ᠲᠠᠯ᠎ᠠ ᠶᠢᠨ᠂ ᠭᠤᠣᠯᠳᠠᠯᠭ᠎ᠠ ᠨᠢ ᠲᠣᠪᠤᠶᠢᠮ᠎ᠠ ᠪᠠᠶᠢᠵᠤ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠳᠤ ᠮᠠᠰᠢ ᠴᠢᠩᠭ᠎ᠠ ᠪᠣᠳᠠᠲᠠᠢ | ᠵᠢᠯᠤᠭᠤᠳᠬᠤ ᠴᠢᠨᠠᠷ ᠲᠠᠢ ᠪᠣᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ᠂ ᠲᠤᠬᠠᠶᠢᠯᠠᠭᠰᠠᠨ ᠠᠵᠢᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤ ᠮᠠᠰᠢ ᠴᠢᠩᠭ᠎ᠠ ᠦᠢᠯᠡᠳᠦᠯᠭᠡ ᠶᠢᠨ ᠬᠡᠷᠡᠭᠵᠢᠭᠦᠯᠬᠦ᠋ᠢᠴᠡ ᠴᠢᠨᠠᠷ ᠲᠠᠢ ᠪᠣᠯᠵᠠᠢ᠃ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠠᠰᠤ ᠴᠢᠨᠠᠷ ᠤᠨ ᠬᠥᠭᠵᠢᠭᠦᠯᠦᠯᠲᠡ ᠶᠢᠨ | ᠲᠣᠪᠴᠢᠶ᠎ᠠ ᠶᠢᠨ ᠨᠢᠭᠡᠳᠦᠭᠡᠷ ᠳᠡᠰ ᠤᠨ ᠡᠷᠭᠢᠯᠡᠭᠴᠢ ᠭᠡᠰᠢᠭᠦᠴᠢ ᠳ᠋ᠦᠩ ᠪᠧᠢ᠄ ︽ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢ ᠰᠣᠨᠣᠰᠤᠭᠠᠳ᠂ ᠪᠢ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠢ ᠨᠠᠩ ᠭᠦᠨ ᠭᠦᠨᠵᠡᠭᠡᠢ ᠣᠶᠢᠯᠠᠭᠠᠯᠲᠠ ᠲᠠᠢ ᠪᠣᠯᠵᠠᠢ᠃ ᠪᠢ ᠲᠤᠬᠠᠶᠢᠯᠠᠭᠰᠠᠨ ᠠᠵᠢᠯ ᠳᠠᠭᠠᠨ | ᠰᠠᠭᠤᠷᠢᠯᠠᠵᠤ᠂ ᠠᠵᠤ ᠠᠬᠤᠶᠢᠯᠠᠯ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠠᠵᠤ | ᠠᠬᠤᠶᠢᠯᠠᠯ ᠤᠨ ᠶᠠᠰᠤ ᠴᠢᠨᠠᠷ ᠤᠨ ᠴᠢᠳᠠᠪᠤᠷᠢᠲᠠᠨ ᠢ ᠬᠥᠮᠥᠵᠢᠭᠦᠯᠬᠦ᠂ ᠣᠯᠠᠨ ᠲᠦᠮᠡᠨᠴᠢ ᠴᠢᠨᠠᠷᠲᠠᠢ ᠶᠠᠰᠤ ᠴᠢᠨᠠᠷ ᠤᠨ ᠠᠵᠢᠯᠯᠠᠭ᠎ᠠ ᠥᠷᠨᠢᠭᠦᠯᠬᠦ ᠶᠢ ᠠᠬᠢᠭᠤᠯᠬᠤ ᠵᠡᠷᠭᠡ | ᠰᠠᠭᠤᠷᠢ ᠠᠵᠢᠯ ᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠪᠡ᠃ | ᠬᠥᠯᠥᠨ ᠪᠤᠶᠢᠷ ᠬᠤᠲᠠ ᠳᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ︽ | ᠲᠣᠭᠲᠠᠭᠠᠯ︾ ᠢ ᠭᠦᠨᠵᠡᠭᠡᠢ ᠰᠤᠷᠤᠯᠴᠠᠨ ᠣᠶᠢᠯᠠᠭᠠᠬᠤ ᠲᠠᠢ ᠨᠢᠭᠲᠠ ᠤᠶᠠᠯᠳᠤᠭᠤᠯᠤᠨ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠬᠠᠷᠠᠯᠲᠠ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠶᠢ | ᠭᠦᠨᠵᠡᠭᠡᠢ ᠲᠠᠶᠢᠯᠪᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠠᠢ ᠱᠠᠭᠠᠷᠳᠠᠯᠭ᠎ᠠ ᠶᠢ ᠲᠣᠳᠣᠷᠬᠠᠶᠢᠯᠠᠨ ᠲᠠᠶᠢᠯᠪᠤᠷᠢᠯᠠᠪᠠ᠃ | ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ | ᠠᠭᠤᠯᠭ᠎ᠠ ᠨᠢ ᠪᠠᠶᠠᠯᠢᠭ᠂ ᠤᠨᠤᠯ ᠤᠨ ᠥᠨᠳᠥᠷᠴᠡ ᠲᠠᠢ ᠪᠥᠭᠡᠳ ᠦᠢᠯᠡᠳᠦᠯᠭᠡ ᠶᠢᠨ ᠭᠦᠨᠴᠡ ᠲᠠᠢ ᠪᠣᠯᠵᠤ᠂ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠣᠨᠣᠪᠴᠢᠲᠠᠢ ᠣᠶᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠵᠢᠯᠤᠭᠤᠳᠬᠤ ᠠᠴᠢ | ᠬᠤᠯᠪᠣᠭᠳᠠᠯ ᠲᠠᠢ ᠭᠡᠵᠦ ᠦᠵᠡᠵᠡᠭᠡᠪᠡ᠃ | ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠳᠡᠳ᠋ ᠳᠠᠷᠤᠭ᠎ᠠ ᠪᠠᠢ ᠶᠧ᠂ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠮᠥᠨ᠂ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠠᠷᠭ᠎ᠠ ᠬᠡᠮᠵᠢᠶ᠎ᠡ ᠶᠢ ᠠᠵᠢᠯ ᠤᠨ ᠪᠦᠭᠦ ᠶᠠᠪᠤᠴᠠ ᠳᠤ | ᠲᠤᠭᠤᠰᠢᠯᠠᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠷ ᠠᠵᠢᠯ ᠢᠶᠠᠨ ᠥᠨᠳᠥᠷ ᠪᠦᠳᠦᠮᠵᠢᠳᠡᠢ ᠠᠬᠢᠭᠤᠯᠬᠤ ᠳᠤ ᠵᠢᠯᠣᠭᠤᠳᠤᠯᠭ᠎ᠠ ᠪᠣᠯᠭᠠᠨ ᠬᠤᠪᠢᠷᠠᠭᠤᠯᠤᠨ᠎ᠠ | ᠭᠡᠪᠡ᠃ ᠮᠡᠳᠡᠭᠦᠯᠦᠯᠲᠡ ᠶᠢᠨ ᠬᠤᠷᠠᠯ ᠠᠴᠠ ᠡᠮᠦᠨ᠎ᠡ᠂ ᠭᠦᠸᠧ ᠵᠠᠨ ᠵᠢᠶᠠᠩ ᠬᠠᠭᠤᠴᠢᠨ ᠪᠠᠷᠭᠤ ᠬᠤᠰᠢᠭᠤᠨ ᠤ ᠪᠠᠶᠠᠨ ᠪᠦᠷᠢᠳᠦ ᠭᠠᠴᠠᠭ᠎ᠠ ᠳᠤ ᠬᠦᠷᠴᠦ᠂ ᠮᠠᠯ | ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠮᠠᠯᠴᠢᠳ ᠲᠠᠢ ᠨᠢᠭᠤᠷᠳᠠᠨ ᠶᠠᠷᠢᠯᠴᠠᠪᠠ᠃ | ᠬᠢᠩᠭᠠᠨ ᠠᠶᠢᠮᠠᠭ ᠲᠤ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠨᠠᠮ ᠤᠨ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠬᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ | ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠣᠨᠣᠪᠴᠢᠲᠠᠢ ᠣᠶᠢᠯᠠᠭᠠᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ | ᠨᠠᠢᠮᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠵᠡᠷᠭᠡ 4 ᠲᠠᠯ᠎ᠠ ᠠᠴᠠ ᠰᠢᠰᠲ᠋ᠧᠮ ᠲᠠᠢ ᠲᠠᠶᠢᠯᠪᠤᠷᠢᠯᠠᠨ ᠭᠦᠨᠵᠡᠭᠡᠢ ᠲᠣᠳᠣᠷᠬᠠᠶᠢᠯᠠᠨ | ᠥᠭᠦᠯᠡᠪᠡ᠃ ᠬᠤᠷᠠᠯ ᠳᠤ ᠣᠷᠣᠯᠴᠠᠭᠰᠠᠳ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠬᠠᠷᠠᠭᠠᠰᠤ ᠨᠢ ᠥᠷᠭᠡᠨ᠂ | ᠠᠭᠤᠯᠭ᠎ᠠ ᠨᠢ ᠪᠠᠶᠠᠯᠢᠭ ᠪᠣᠯᠵᠠᠢ ᠭᠡᠵᠦ ᠢᠯᠡᠳᠬᠡᠵᠡᠭᠡᠪᠡ᠃ | ᠮᠡᠳᠡᠭᠦᠯᠦᠯᠲᠡ ᠶᠢᠨ ᠬᠤᠷᠠᠯ ᠤᠨ ᠳᠠᠷᠠᠭ᠎ᠠ᠂ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ᠤᠯᠠᠭᠠᠨᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠬᠦᠷᠴᠦ᠂ ᠨᠤᠲᠤᠭ ᠲᠠᠭᠠᠨ ᠪᠤᠴᠠᠵᠤ ᠦᠢᠯᠡᠰ ᠪᠣᠰᠬᠠᠭᠰᠠᠨ ᠣᠶᠤᠲᠠᠨ᠂ ᠰᠢᠨ᠎ᠡ ᠪᠠᠷ ᠠᠵᠢᠯ ᠣᠯᠣᠭᠰᠠᠨ | ᠬᠥᠮᠥᠰ ᠤᠨ ᠲᠥᠯᠥᠭᠡᠯᠡᠭᠴᠢ᠂ ᠦᠨᠳᠦᠰᠦᠨ ᠱᠠᠲᠤᠨ ᠤ ᠭᠦᠳᠡᠯᠮᠦᠷᠢ ᠶᠢᠨ ᠪᠠᠲᠤᠯᠠᠭ᠎ᠠ ᠶᠢᠨ ᠴᠣᠩᠬᠤᠪᠴᠢ ᠶᠢᠨ ᠠᠵᠢᠯᠲᠠᠨ ᠵᠡᠷᠭᠡ ᠲᠠᠢ ᠨᠢᠭᠤᠷᠳᠠᠨ ᠰᠠᠨᠠᠯ ᠢᠶᠠᠨ | ᠰᠣᠯᠢᠯᠴᠠᠵᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠲᠡᠭᠦᠰᠬᠦ ᠣᠶᠤᠲᠠᠳ ᠤᠨ ᠠᠵᠢᠯ ᠣᠯᠵᠤ ᠦᠢᠯᠡᠰ ᠪᠣᠰᠬᠠᠬᠤ ᠵᠡᠷᠭᠡ ᠠᠰᠠᠭᠤᠳᠠᠯ ᠤᠨ | ᠲᠤᠬᠠᠢ ᠨᠢᠭᠡᠳ ᠨᠢᠭᠡ ᠪᠠᠷ ᠲᠣᠳᠣᠷᠬᠠᠶᠢᠯᠠᠨ ᠲᠠᠶᠢᠯᠪᠤᠷᠢᠯᠠᠪᠠ᠃ ᠤᠯᠠᠭᠠᠨᠬᠤᠲᠠ ᠶᠢᠨ ᠬᠢᠩᠭᠠᠨ ᠠᠳᠠᠯ ᠠᠬᠤᠢ ᠶᠢᠨ ᠦᠢᠯᠡᠴᠢᠯᠡᠭᠡᠨ ᠤ ᠬᠢᠵᠠᠭᠠᠷᠲᠤ ᠺᠤᠮᠫᠠᠨᠢ ᠶᠢᠨ | ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ ᠸᠠᠩ ᠯᠢ ᠯᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ᠄ ︽ᠮᠠᠰᠢ ᠶᠡᠭᠡ ᠰᠡᠩᠬᠡᠷᠡᠭᠦᠯᠦᠯ ᠣᠯᠵᠤ᠂ | ᠮᠠᠰᠢ ᠶᠡᠭᠡ ᠵᠣᠷᠢᠭᠵᠢᠭᠤᠯᠤᠯ ᠬᠦᠷᠲᠡᠵᠡᠢ᠃ ᠠᠳᠠᠯ ᠠᠬᠤᠢ ᠶᠢᠨ ᠠᠵᠢᠯᠯᠠᠭᠴᠢ ᠪᠣᠯᠤᠭᠰᠠᠨ ᠤ ᠬᠤᠪᠢ ᠳᠤ᠂ ᠬᠤᠶᠢᠰᠢᠳᠠ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ | ᠪᠣᠯᠣᠨ ᠠᠵᠢᠯ ᠤᠨ ᠪᠠᠶᠢᠷᠢ ᠳᠤ ᠲᠣᠮᠢᠯᠠᠬᠤ ᠠᠵᠢᠯ ᠣᠯᠭᠤᠬᠤ ᠲᠠᠯ᠎ᠠ ᠪᠠᠷ ᠦᠷᠭᠦᠯᠵᠢᠯᠡᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ | ᠨᠡᠩ ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠬᠦ ᠳᠤ ᠬᠤᠪᠢ ᠨᠡᠮᠡᠷᠢ ᠦᠵᠡᠭᠦᠯᠦᠨ᠎ᠡ︾ ᠭᠡᠯᠡ᠃ | |