| ᠰᠢᠠᠬᠤᠧᠠ ᠬᠤᠷᠢᠶᠠᠨ ᠤ ᠰᠣᠷᠪᠤᠯᠵᠢᠯᠠᠬᠴᠢ ᠶᠠᠩ ᠰᠧ ᠴᠢ | ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠳᠤ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ | ᠦᠢᠯᠡᠳᠦᠯᠭᠡ ᠶᠢᠨ ᠬᠥᠭᠵᠢᠯᠲᠡ ᠳᠤ ᠨᠡᠶᠢᠴᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠬᠤ ᠬᠡᠷᠡᠭᠲᠡᠢ ᠭᠡᠵᠦ ᠲᠣᠳᠣᠷᠬᠠᠢ ᠳᠤᠷᠠᠳᠴᠠᠢ᠃ | ᠦᠭᠡᠷᠡᠴᠢᠯᠡᠯᠲᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠳᠤ ᠶᠡᠷᠦᠩᠬᠡᠢ ᠱᠦᠵᠢ ᠰᠢ ᠶᠢᠨ ᠫᠢᠩ ᠤᠨ ᠵᠢᠯᠤᠭᠤᠳᠤᠭᠰᠠᠨ ᠠᠷᠭ᠎ᠠ ᠶᠢᠨ ᠤᠨᠤᠯ ᠢ ᠪᠤᠳᠠᠳᠠᠢ ᠳᠤ | ᠨᠠᠶᠢᠳᠠᠪᠤᠷᠢᠵᠢᠭᠤᠯᠤᠨ᠂ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠶᠢ ᠦᠭᠡᠷᠡᠴᠢᠯᠡᠯᠳᠡ ᠶᠢᠨ ᠲᠦᠰᠦᠯ ᠲᠤᠭᠳᠠᠭᠠᠬᠤ ᠶᠢᠨ ᠭᠠᠷᠳᠠᠴᠠ ᠪᠤᠯᠭᠠᠵᠤ᠂ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠪᠦᠬᠦ ᠲᠠᠯ᠎ᠠ ᠳᠤ ᠬᠤᠯᠪᠣᠭᠳᠠᠭᠰᠠᠨ ᠦᠭᠡᠷᠡᠴᠢᠯᠡᠯᠳᠡ᠂ ᠴᠢᠬᠤᠯᠠ ᠶᠡᠭᠡ ᠲᠦᠷᠢᠮ ᠤᠨ ᠰᠢᠨ᠎ᠡ ᠡᠭᠦᠳᠦᠯᠳᠡ ᠳᠤ ᠬᠤᠯᠪᠣᠭᠳᠠᠭᠰᠠᠨ | ᠥᠭᠡᠷᠡᠴᠢᠯᠡᠯᠲᠡ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ ᠢ ᠳᠡᠭᠡᠭᠰᠢᠯᠡᠭᠦᠯᠬᠦ ᠳᠤ ᠠᠰᠢᠭᠳᠠᠢ ᠦᠭᠡᠷᠡᠴᠢᠯᠡᠯᠳᠠ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ | ᠤᠷᠢᠳ ᠢᠶᠠᠷ ᠰᠠᠶᠢᠳᠤᠷ ᠠᠳᠬᠤᠵᠤ ᠨᠠᠶᠢᠳᠠᠪᠤᠷᠢᠵᠢᠭᠤᠯᠤᠨ᠎ᠠ᠃ | ᠠᠰᠠᠭᠤᠳᠠᠯ ᠪᠣᠯ ᠴᠠᠭ ᠦᠶ᠎ᠡ ᠶᠢᠨ ᠳᠠᠭᠤᠨ᠂ ᠥᠭᠡᠷᠡᠴᠢᠯᠡᠯᠲᠡ ᠪᠣᠯ ᠬᠥᠭᠵᠢᠯᠲᠡ ᠶᠢᠨ ᠬᠥᠳᠡᠯᠭᠡᠭᠴᠢ ᠬᠦᠴᠦᠨ ᠮᠥᠨ᠃ ᠥᠭᠡᠷᠡᠴᠢᠯᠡᠯᠲᠡ ᠶᠢ ᠲᠦᠯᠬᠢᠨ | ᠠᠬᠢᠭᠤᠯᠬᠤ ᠶᠢᠨ ᠦᠨᠳᠦᠰᠦᠨ ᠵᠣᠷᠢᠯᠭ᠎ᠠ ᠪᠣᠯ ᠤᠯᠤᠰ ᠢᠶᠠᠨ ᠨᠡᠩ ᠪᠠᠶᠠᠨ ᠬᠦᠴᠦᠷᠬᠡᠭ᠂ ᠨᠡᠶᠢᠭᠡᠮ ᠢ ᠨᠡᠩ ᠭᠤᠣᠯᠴᠢ ᠰᠢᠳᠤᠷᠭᠤ᠂ ᠠᠷᠠᠳ ᠲᠦᠮᠡᠨ ᠤ ᠠᠮᠢᠳᠤᠷᠠᠯ ᠢ | ᠨᠡᠩ ᠰᠠᠶᠢᠬᠠᠨ ᠪᠣᠯᠭᠠᠬᠤ ᠶᠢᠨ ᠲᠥᠯᠥᠭᠡ ᠶᠤᠮ᠃ ᠠᠰᠠᠭᠤᠳᠠᠯ ᠤᠨ ᠵᠠᠩᠭᠢᠯᠠᠭ᠎ᠠ ᠶᠢ ᠡᠷᠢᠵᠦ ᠣᠯᠪᠠᠯ ᠰᠠᠶ᠋ᠢ ᠥᠭᠡᠷᠡᠴᠢᠯᠡᠯᠲᠡ ᠶᠢᠨ ᠭᠠᠷᠳᠠᠬᠤ ᠴᠡᠭ ᠢ ᠣᠨᠣᠪᠴᠢᠲᠠᠢ | ᠣᠯᠵᠤ᠂ ᠦᠨᠡᠨ ᠬᠦ ᠬᠡᠷᠡᠭᠵᠢᠭᠦᠯᠦᠭᠦᠰᠢᠲᠡᠢ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠵᠤ ᠴᠢᠳᠠᠨ᠎ᠠ᠃ ᠨᠢᠭᠡ ᠲᠠᠯ᠎ᠠ ᠪᠠᠷ ᠲᠥᠪ ᠬᠤᠷᠢᠶᠠᠨ ᠤ ᠲᠣᠭᠲᠠᠭᠠᠭᠰᠠᠨ | ᠭᠤᠣᠯᠳᠠᠯᠭᠠᠲᠤ ᠥᠭᠡᠷᠡᠴᠢᠯᠡᠯᠲᠡ ᠶᠢᠨ ᠲᠥᠰᠦᠯ ᠢ ᠨᠡᠪᠲᠡᠷᠬᠡᠢ ᠣᠶᠢᠯᠠᠭᠠᠵᠤ᠂ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠦᠭᠦᠭᠡ ᠲᠠᠯ᠎ᠠ ᠪᠠᠷ | ᠡᠷᠬᠡᠪᠰᠢ ᠪᠠᠶᠢᠴᠠᠭᠠᠨ ᠰᠤᠳᠤᠯᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠪᠣᠳᠠᠲᠠᠢ ᠳᠤ ᠭᠦᠨᠵᠡᠭᠡᠶᠢᠷᠡᠵᠦ᠂ ᠪᠣᠳᠠᠲᠠᠢ ᠠᠴᠠ ᠡᠭᠦᠰᠴᠦ᠂ | ᠪᠣᠳᠠᠲᠠᠢ ᠠᠰᠠᠭᠤᠳᠠᠯ ᠠᠴᠠ ᠭᠠᠷᠳᠠᠵᠤ᠂ ᠶᠠᠮᠠᠷ ᠠᠰᠠᠭᠤᠳᠠᠯ ᠨᠢ ᠲᠤᠪᠤᠶᠢᠮ᠎ᠠ ᠪᠠᠶᠢᠪᠠᠯ ᠲᠡᠭᠦᠨ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠶᠠᠮᠠᠷ ᠠᠰᠠᠭᠤᠳᠠᠯ ᠨᠢ | ᠲᠤᠯᠭᠠᠮ᠎ᠠ ᠪᠣᠯ ᠲᠡᠭᠦᠨ ᠢ ᠰᠢᠮᠳᠠᠭᠤᠯᠤᠨ ᠰᠢᠢᠳᠪᠦᠷᠢᠯᠡᠵᠦ᠂ ᠥᠭᠡᠷᠡᠴᠢᠯᠡᠯᠲᠡ ᠶᠢ ᠬᠥᠭᠵᠢᠯᠲᠡ ᠶᠢᠨ ᠬᠡᠷᠡᠭᠴᠡᠭᠡ᠂ ᠦᠨᠳᠦᠰᠦᠨ ᠱᠠᠲᠤᠨ ᠤ ᠬᠦᠰᠡᠯ᠂ ᠠᠷᠠᠳ ᠤᠨ | ᠰᠡᠳᠬᠢᠯ ᠤᠨ ᠬᠠᠨᠳᠤᠰᠢ ᠯᠤᠭ᠎ᠠ ᠨᠡᠩ ᠣᠨᠣᠪᠴᠢᠲᠠᠢ ᠵᠣᠯᠭᠠᠭᠤᠯᠤᠶᠠ᠃ | ᠥᠭᠡᠷᠡᠴᠢᠯᠡᠯᠲᠡ ᠨᠢ ᠶᠡᠷᠦ ᠠᠴᠠ ᠳᠤᠮᠳᠠᠳᠤ ᠤᠯᠤᠰ ᠤᠨ ᠪᠣᠳᠠᠲᠤ ᠠᠰᠠᠭᠤᠳᠠᠯ ᠢ ᠰᠢᠢᠳᠪᠦᠷᠢᠯᠡᠬᠦ ᠳᠤ ᠵᠣᠷᠢᠭᠤᠯᠤᠭᠰᠠᠨ ᠶᠤᠮ᠃ ᠠᠵᠤ ᠠᠬᠤᠶ ᠨᠡᠶᠢᠭᠡᠮ ᠤᠨ | ᠬᠥᠭᠵᠢᠯᠲᠡ ᠶᠢ ᠠᠬᠢᠭᠤᠯᠤᠭᠰᠠᠨ ᠡᠰᠡᠬᠦ᠂ ᠠᠷᠠᠳ ᠣᠯᠠᠨ ᠳᠤ ᠦᠨᠡᠨ ᠪᠣᠳᠠᠲᠠᠶ ᠬᠦᠷᠲᠡᠮᠵᠢ ᠶᠢᠨ ᠲᠥᠷᠥᠭᠳᠡᠯ ᠣᠯᠭᠤᠭᠰᠠᠨ ᠡᠰᠡᠬᠦ ᠪᠣᠯ ᠥᠭᠡᠷᠡᠴᠢᠯᠡᠯᠲᠡ ᠶᠢᠨ | ᠦᠷ᠎ᠡ ᠪᠦᠲᠦᠮᠵᠢ ᠶᠢ ᠦᠨᠡᠯᠡᠬᠦ ᠪᠠᠷᠢᠮᠵᠢᠶ᠎ᠠ ᠶᠤᠮ᠃ ᠥᠭᠡᠷᠡᠴᠢᠯᠡᠯᠲᠡ ᠳᠤ ᠬᠢᠨᠠᠯᠲᠠ ᠲᠠᠯᠪᠢᠬᠤ ᠪᠠ ᠦᠨᠡᠯᠡᠨ ᠵᠢᠱᠢᠬᠦ ᠶᠢ ᠴᠢᠩᠭᠠᠳᠬᠠᠵᠤ᠂ ᠲᠠᠰᠤᠷᠠᠯᠲᠠ ᠦᠭᠡᠢ ᠵᠠᠮ | ᠨᠡᠭᠡᠭᠡᠨ ᠰᠢᠨ᠎ᠡ ᠶᠢ ᠡᠭᠦᠳᠴᠦ᠂ ᠲᠤᠷᠰᠢᠯᠭ᠎ᠠ ᠪᠠᠨ ᠳ᠋ᠦᠩᠨᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠵᠢᠩᠬᠢᠨᠢ ᠪᠠᠷ ᠬᠦᠷᠲᠡᠭᠡᠬᠦ ᠶᠢ | ᠦᠨᠡᠨ ᠬᠦ ᠪᠠᠲᠤᠯᠠᠵᠤ᠂ ᠨᠡᠶᠢᠭᠡᠮ ᠤᠨ ᠳᠠᠪᠰᠢᠯᠲᠠ ᠪᠠ ᠬᠥᠭᠵᠢᠯᠲᠡ ᠶᠢ ᠲᠦᠯᠬᠢᠨ ᠠᠬᠢᠭᠤᠯᠤᠶ᠎ᠠ᠃ | ᠥᠭᠡᠷᠡᠴᠢᠯᠡᠯᠲᠡ ᠶᠢᠨ ᠡᠭᠦᠷᠭᠡ ᠬᠠᠲᠠᠭᠤ ᠪᠡᠷᠬᠡ ᠪᠣᠯᠬᠤᠷ ᠲᠠᠰᠤᠷᠠᠯᠲᠠ ᠦᠭᠡᠢ ᠲᠤᠷᠰᠢᠨ ᠰᠦᠪᠡᠭᠴᠢᠯᠡᠬᠦ ᠬᠡᠷᠡᠭᠲᠡᠢ᠃ ᠨᠢᠭᠡ ᠠᠰᠠᠭᠤᠳᠠᠯ ᠢ ᠰᠢᠢᠳᠪᠦᠷᠢᠯᠡᠬᠦ | ᠪᠥᠷᠢ ᠥᠭᠡᠷᠡᠴᠢᠯᠡᠯᠲᠡ ᠶᠢᠨ ᠬᠠᠷᠠᠯᠲᠠ ᠲᠡᠶᠢᠰᠢ ᠤᠯᠠᠮ ᠣᠶᠢᠷᠠᠬᠠᠨ ᠪᠣᠯᠳᠠᠭ᠃ ᠬᠦᠴᠢᠷ ᠢ ᠰᠦᠷᠦᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠡᠩ | ᠣᠨᠣᠪᠴᠢᠲᠠᠢ ᠪᠠᠷ ᠬᠦᠴᠦᠯᠡᠵᠦ᠂ ᠵᠣᠷᠢᠭᠲᠠᠢ ᠬᠢᠵᠦ ᠴᠢᠳᠠᠮᠠᠭᠠᠢ ᠠᠵᠢᠯᠯᠠᠵᠤ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠪᠠᠯ᠂ | ᠨᠠᠮ ᠪᠠ ᠲᠥᠷᠥ ᠶᠢᠨ ᠠᠵᠢᠯ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ ᠲᠦᠯᠬᠢᠨ ᠠᠬᠢᠭᠤᠯᠬᠤ ᠴᠢᠳᠠᠨ᠎ᠠ᠃ |