| ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ᠂ ᠥᠪᠡᠷᠲᠡᠭᠡᠨ ᠵᠠᠰᠠᠬᠤ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠠᠨ ᠷᠦᠨ ᠱᠧᠩ ᠲᠤᠰ ᠲᠤᠰ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠪᠠ ᠤᠯᠠᠭᠠᠨᠴᠠᠪ ᠤᠨ ᠾᠧᠨᠠᠨ ᠤ ᠬᠤᠳᠠᠯᠳᠤᠭᠠᠴᠢᠳ ᠤᠨ | ᠡᠪᠯᠡᠯ ᠳᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ | | ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ᠂ ᠶᠣᠣ ᠶᠦᠩ ᠪᠦᠸᠧ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠰᠠᠨ ᠲᠥᠷᠥᠭᠳᠡᠯ ᠢᠶᠠᠨ ᠣᠯᠠᠨ ᠲᠠᠢ ᠬᠤᠪᠢᠶᠠᠯᠴᠠᠪᠠ᠃ ᠶᠣᠣ ᠶᠦᠩ ᠪᠦᠸᠧ᠂ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠳᠤ ᠤᠷᠤᠭᠰᠢᠯᠠᠬᠤ ᠴᠢᠭᠯᠡᠯ ᠪᠠ ᠦᠨᠳᠦᠰᠦᠨ ᠠᠷᠭ᠎ᠠ ᠵᠠᠮ ᠢ ᠲᠣᠳᠣᠷᠬᠠᠢ ᠵᠢᠭᠠᠵᠤ ᠥᠭᠴᠡᠢ᠃ ᠪᠤᠭᠤᠲᠤ ᠶᠢᠨ ᠪᠣᠯᠣᠳ ᠲᠡᠮᠦᠷ ᠤᠨ | ᠪᠦᠯᠦᠭᠯᠡᠯ ᠤᠨ ᠬᠢᠨ ᠨᠠᠮ ᠤᠨ ᠲᠥᠪ ᠬᠤᠷᠢᠶ᠎ᠠ ᠶᠢᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ︽ᠲᠤᠰ ᠪᠡᠶ᠎ᠡ ᠶᠢᠨ ᠣᠨᠴᠠᠯᠢᠭ ᠪᠦᠬᠦᠢ ᠥᠭᠡᠷᠡᠴᠢᠯᠡᠯᠲᠡ︾ ᠶᠢ ᠰᠦᠪᠡᠭᠴᠢᠯᠡᠵᠦ᠂ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠬᠦᠴᠦᠯᠡᠨ | ᠴᠢᠷᠮᠠᠶᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠮᠠᠨ ᠤ ᠣᠷᠣᠨ ᠳᠤ ᠲᠣᠭᠲᠠᠭᠠᠵᠤ ᠥᠭᠭᠦᠭᠰᠡᠨ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠠᠵᠤ ᠠᠬᠤᠶᠢᠯᠠᠯ ᠢᠶᠠᠨ ᠦᠨᠡᠨ ᠬᠦ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ | ᠬᠡᠷᠡᠭᠲᠡᠢ ᠭᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠳᠤ᠂ ᠯᠥᠸᠧ ᡁᠢ ᠬᠤ᠋ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠭᠦᠳᠡ | ᠬᠤᠷᠠᠯ ᠤᠨ ︽ᠲᠣᠭᠲᠠᠭᠠᠯ︾ ᠤᠨ ᠲᠣᠭᠤᠷᠢᠨ ᠳᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ᠂ ᠵᠢᠯᠤᠭᠤᠳᠬᠤ ᠦᠵᠡᠯ ᠰᠠᠨᠠᠭ᠎ᠠ᠂ ᠶᠡᠷᠦᠩᠬᠡᠢ ᠬᠠᠷᠠᠯᠲᠠ ᠵᠡᠷᠭᠡ ᠲᠠᠯ᠎ᠠ ᠠᠴᠠ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ | ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠣᠳᠠᠲᠠᠢ ᠲᠠᠢ ᠤᠶᠠᠯᠳᠤᠭᠤᠯᠤᠨ ︽ᠲᠣᠭᠲᠠᠭᠠᠯ︾ ᠳᠠᠬᠢ ᠤᠯᠤᠰ ᠲᠥᠷᠥ ᠶᠢᠨ | ᠵᠥᠪᠯᠡᠯᠭᠡᠨ ᠤ ᠠᠵᠢᠯ ᠤᠨ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ ᠳᠤ ᠭᠦᠨᠵᠡᠭᠡᠢ ᠲᠠᠶᠢᠯᠤᠮᠵᠢ ᠬᠢᠭᠰᠡᠨ ᠪᠥᠭᠡᠳ ᠣᠳᠣᠬᠠᠨ ᠤ ᠪᠠ | ᠬᠤᠶᠢᠰᠢᠳᠠ ᠶᠢᠨ ᠬᠡᠰᠡᠭ ᠬᠤᠭᠤᠴᠠᠭᠠᠨ ᠳᠤ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠳᠤ ︽ᠲᠠᠪᠤᠨ ᠲᠠᠯ᠎ᠠ ᠪᠠᠷ | ᠬᠦᠴᠦᠯᠡᠬᠦ︾ ᠱᠠᠭᠠᠷᠳᠠᠯᠭ᠎ᠠ ᠳᠤᠷᠠᠳᠴᠠᠢ᠃ | ᠤᠯᠠᠭᠠᠨᠴᠠᠪ ᠤᠨ ᠾᠧᠨᠠᠨ ᠤ ᠬᠤᠳᠠᠯᠳᠤᠭᠠᠴᠢᠳ ᠤᠨ ᠡᠪᠯᠡᠯ ᠳᠤ᠂ ᠠᠨ ᠷᠦᠨ ᠱᠧᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ | ᠭᠤᠷᠪᠠᠳᠤᠭᠠᠷ ᠪᠦᠭᠦᠳᠡ ᠬᠤᠷᠠᠯ ᠤᠨ ᠬᠤᠷᠠᠯᠳᠤᠭᠰᠠᠨ ᠠᠬᠤᠢ ᠪᠠᠶᠢᠳᠠᠯ᠂ ᠭᠤᠣᠯ ᠠᠭᠤᠯᠭ᠎ᠠ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠵᠥᠪ ᠣᠶᠢᠯᠠᠭᠠᠬᠤ ᠲᠣᠭᠤᠷᠢᠨ ᠳᠤ᠂ ᠮᠠᠨ ᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢᠨ ᠣᠳᠣᠬᠢ ᠪᠠᠶᠢᠳᠠᠯ ᠪᠠ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ ᠪᠤᠰᠤᠳᠴᠢ ᠵᠠᠳᠠᠯᠤᠯᠲᠠ ᠪᠠ ᠭᠦᠨᠵᠡᠭᠡᠢ ᠲᠠᠶᠢᠯᠤᠮᠵᠢ | ᠬᠢᠪᠡ᠃ ᠲᠡᠷᠡ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠣᠳᠠᠲᠤ ᠦᠷ᠎ᠡ ᠪᠦᠲᠦᠮᠵᠢ ᠣᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠴᠢᠨᠠᠷ ᠰᠠᠶᠢᠲᠠᠢ ᠦᠢᠯᠡᠴᠢᠯᠡᠭᠡ᠂ | ᠯᠠᠪᠳᠠᠭᠤᠨ ᠪᠠᠲᠤᠲᠠᠢ ᠰᠤᠷᠲᠠᠯ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ︽ᠬᠤᠶᠠᠷ ᠡᠷᠡᠭᠦᠯ︾ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃ | |