| ᠬᠦᠯᠢᠴᠡᠩᠭᠦᠢ ᠬᠥᠷᠥᠩᠭᠡ | ᠬᠦᠯᠢᠴᠡᠩᠭᠦᠢ ᠬᠥᠷᠥᠩᠭᠡ ᠪᠣᠯ ᠤᠷᠲᠤ ᠬᠤᠭᠤᠴᠠᠭᠠᠨ ᠤ ᠪᠡᠯᠡ ᠣᠷᠣᠭᠤᠯᠤᠯᠲᠠ ᠳᠤ ᠠᠩᠬᠠᠷᠤᠯ ᠲᠠᠯᠪᠢᠭᠰᠠᠨ ᠨᠢᠭᠡ ᠵᠦᠢᠯ ᠤᠨ ᠬᠥᠷᠥᠩᠭᠡ ᠶᠢᠨ ᠬᠡᠯᠪᠡᠷᠢ | ᠪᠠᠶᠢᠵᠤ᠂ ᠣᠬᠤᠷ ᠬᠤᠭᠤᠴᠠᠭᠠᠨ ᠤ ᠠᠰᠢᠭ ᠣᠷᠣᠯᠭ᠎ᠠ ᠬᠥᠭᠡᠭᠡᠴᠡᠯᠳᠦᠬᠦ ᠪᠠᠷ ᠲᠡᠷᠢᠭᠦᠨ ᠴᠢᠬᠤᠯᠠ ᠬᠠᠷᠠᠯᠲᠠ ᠪᠠᠨ ᠪᠣᠯᠭᠠᠭᠰᠠᠨ ᠦᠭᠡᠶ᠂ ᠬᠠᠷᠢᠨ ᠤᠷᠲᠤ | ᠬᠤᠭᠤᠴᠠᠭᠠᠨ ᠤ ᠲᠤᠷᠰᠢᠬᠢ ᠬᠠᠷᠢᠭᠤ ᠠᠰᠢᠭ ᠬᠦᠷᠲᠡᠭᠡᠯᠲᠦ ᠲᠥᠷᠥᠯ ᠵᠦᠢᠯ ᠪᠤᠶᠤ ᠪᠡᠯᠡ ᠣᠷᠣᠭᠤᠯᠤᠯᠲᠠ ᠶᠢᠨ ᠠᠵᠢᠯᠯᠠᠭ᠎ᠠ ᠶᠢ ᠨᠡᠩ ᠢᠯᠡᠭᠦᠦ ᠴᠢᠬᠤᠯᠠᠴᠢᠯᠠᠵᠤ᠂ | ᠶᠡᠷᠦ ᠶᠢᠨ ᠪᠠᠶᠢᠳᠠᠯ ᠳᠤ ᠵᠠᠬ᠎ᠠ ᠳᠡᠯᠭᠡᠭᠦᠷ ᠤᠨ ᠣᠬᠤᠷ ᠬᠤᠭᠤᠴᠠᠭᠠᠨ ᠤ ᠬᠡᠯᠪᠡᠯᠵᠡᠯ ᠤᠨ ᠬᠠᠷᠰᠢᠯᠠᠯ ᠳᠤ ᠨᠥᠯᠥᠭᠡᠯᠡᠭᠳᠡᠬᠦ ᠦᠭᠡᠶ ᠪᠠᠶᠢᠵᠤ᠂ ᠬᠥᠷᠥᠩᠭᠡ ᠶᠢᠨ ᠬᠠᠷᠢᠭᠤ | ᠠᠰᠢᠭ ᠬᠦᠷᠲᠡᠭᠡᠯ ᠢ ᠨᠡᠯᠢᠶᠡᠳ ᠤᠷᠲᠤ ᠬᠤᠭᠤᠴᠠᠭ᠎ᠠ ᠪᠠᠷ ᠪᠠᠷᠠᠯᠬᠢᠯᠠᠳᠠᠭ ᠮᠥᠷᠲᠡᠭᠡᠨ ᠲᠦᠭᠰᠢᠭᠦᠷᠢ ᠶᠢ ᠳᠠᠭᠠᠭᠠᠬᠤ ᠨᠡᠯᠢᠶᠡᠳ ᠥᠨᠳᠥᠷ ᠲᠡᠰᠪᠦᠷᠢ ᠲᠠᠢ ᠬᠥᠷᠥᠩᠭᠡ | ᠪᠣᠯᠤᠨ᠎ᠠ᠃ ᠪᠥᠬᠦ ᠪᠥᠮᠪᠥᠷᠴᠡᠭ ᠤᠨ ᠦᠢᠯᠡᠳᠦᠯᠭᠡ ᠠᠴᠠ ᠦᠵᠡᠪᠡᠯ᠂ ᠬᠦᠯᠢᠴᠡᠩᠭᠦᠶ ᠬᠥᠷᠥᠩᠭᠡ ᠨᠢ ᠭᠤᠤᠯᠳᠠᠭᠤ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ ᠰᠠᠭᠤᠷᠢ ᠮᠥᠩᠭᠦ᠂ ᠨᠠᠰᠤᠵᠢᠯ ᠤᠨ ᠰᠠᠭᠤᠷᠢ ᠮᠥᠩᠭᠦ ︵ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ᠂ ᠠᠵᠤ ᠠᠬᠤᠶᠢᠯᠠᠯ ᠤᠨ ᠣᠨ ᠤ | ᠮᠥᠩᠭᠦ᠂ ᠬᠤᠪᠢ ᠬᠥᠮᠦᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠵᠡᠷᠭᠡ ᠶᠢ ᠪᠠᠭᠲᠠᠭᠠᠨ᠎ᠠ︶᠂ ᠳᠠᠭᠠᠳᠬᠠᠯ ᠤᠨ ᠬᠥᠷᠥᠩᠭᠡ ᠮᠥᠩᠭᠦ ᠵᠡᠷᠭᠡ ᠠᠴᠠ ᠢᠷᠡᠯᠲᠡ ᠲᠠᠢ | ᠪᠠᠶᠢᠵᠤ᠂ ᠬᠤᠪᠢ ᠬᠥᠮᠥᠨ ᠢᠶᠠᠷ ᠴᠤᠭᠯᠠᠭᠤᠯᠬᠤ ᠦᠢᠯᠡᠰ ᠪᠣᠰᠬᠠᠬᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ᠂ ᠢᠯᠡ ᠪᠠᠷ ᠴᠤᠭᠯᠠᠭᠤᠯᠬᠤ ᠰᠠᠭᠤᠷᠢ ᠮᠥᠩᠭᠦ | ᠵᠡᠷᠭᠡ ᠳᠤᠮᠳᠠ ᠣᠷᠳᠣ ᠬᠤᠭᠤᠴᠠᠭᠠᠨ ᠤ ᠪᠠᠯᠠ ᠮᠥᠩᠭᠦ ᠶᠢ ᠣᠷᠣᠭᠤᠯᠤᠨ ᠠᠪᠴᠢᠷᠠᠬᠤ ᠶᠢᠨ ᠴᠢᠬᠤᠯᠠ ᠢᠷᠡᠯᠲᠡ ᠪᠠᠶᠢᠵᠤ᠂ ᠪᠠᠯᠠ ᠣᠷᠣᠭᠤᠯᠤᠯᠲᠠ ᠶᠢᠨ ᠲᠥᠷᠥᠯ | ᠵᠦᠢᠯ᠂ ᠬᠥᠷᠥᠩᠭᠡ ᠶᠢᠨ ᠵᠠᠬ᠎ᠠ ᠳᠡᠯᠭᠡᠭᠦᠷ ᠲᠤ ᠣᠷᠳᠣ ᠬᠤᠭᠤᠴᠠᠭᠠᠨ ᠤ ᠲᠣᠭᠲᠠᠭᠤᠨ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠲᠡ ᠪᠠ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠵᠠᠩᠭᠢᠯᠠᠭ᠎ᠠ ᠶᠢᠨ ᠬᠦᠴᠦᠨ ᠵᠦᠢᠯ ᠤᠨ ᠪᠠᠲᠤᠯᠠᠭ᠎ᠠ ᠪᠣᠯᠵᠤ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠴᠢᠬᠤᠯᠠ ᠨᠥᠬᠦᠴᠡᠯ ᠪᠠ ᠲᠦᠯᠬᠢᠴᠡ ᠬᠦᠴᠦᠨ ᠪᠣᠯᠣᠭᠰᠠᠨ ᠶᠤᠮ᠃ | ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠥᠵᠢᠯ ᠢ ᠠᠭᠤᠰᠤᠯᠴᠠᠭᠤᠯᠤᠨ ᠨᠡᠪᠲᠡᠷᠡᠭᠦᠯᠬᠦ | ᠠᠵᠢᠯ ᠮᠡᠷᠭᠡᠵᠢᠯ ᠤᠨ ᠪᠠ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠨᠡᠪᠲᠡᠷᠡᠭᠦᠯᠬᠦ ᠭᠡᠳᠡᠭ ᠪᠣᠯ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ | ᠡᠩ ᠤᠨ ᠰᠤᠷᠭᠠᠨ ᠬᠥᠮᠦᠵᠢᠯ ᠨᠢ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠮᠲᠤ ᠳᠤ ᠪᠠᠨ ᠬᠦᠷᠲᠡᠬᠦ᠂ ᠬᠥᠮᠦᠵᠢᠭᠦᠯᠦᠭᠰᠡᠨ ᠦᠷ᠎ᠡ ᠪᠦᠲᠦᠭᠡᠯ ᠢ ᠬᠠᠷᠢᠯᠴᠠᠨ | ᠮᠡᠳᠡᠷᠡᠬᠦ᠂ ᠬᠥᠭᠵᠢᠯᠲᠡ ᠶᠢᠨ ᠠᠷᠭ᠎ᠠ ᠵᠠᠮ ᠢ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠴᠢᠳᠠᠪᠤᠷᠢᠲᠠᠨ ᠬᠥᠮᠦᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ ᠠᠬᠢᠭᠤᠯᠵᠤ | ᠂ ᠰᠤᠷᠤᠭᠴᠢᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠨᠢ ᠣᠯᠠᠨ ᠶᠠᠩᠵᠤᠲᠤ ᠰᠣᠩᠭᠤᠯᠲᠠ ᠬᠠᠩᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠳᠤ ᠥᠨᠳᠥᠷ ᠬᠡᠪ ᠪᠣᠯᠪᠠᠰᠤᠷᠠᠯ ᠲᠠᠢ ᠬᠠᠮ ᠬᠡᠯᠪᠡᠷᠢ ᠪᠦᠬᠦᠢ ᠮᠡᠷᠭᠡᠵᠢᠯ ᠮᠡᠷᠭᠡᠰᠢᠯ ᠤᠨ ᠴᠢᠳᠠᠪᠤᠷᠢᠲᠠᠨ ᠬᠠᠩᠭᠠᠬᠤ ᠶᠢ ᠵᠢᠭᠠᠵᠤ ᠪᠣᠶ | ᠃ | ᠰᠦᠢᠳᠬᠡᠯ ᠦᠯᠦ ᠬᠤᠷᠢᠶᠠᠬᠤ ᠰᠤᠷᠭᠠᠨ ᠬᠥᠮᠦᠵᠢᠯ | ᠰᠦᠢᠳᠬᠡᠯ ᠦᠯᠦ ᠬᠤᠷᠢᠶᠠᠬᠤ ᠰᠤᠷᠭᠠᠨ ᠬᠥᠮᠦᠵᠢᠯ ᠭᠡᠳᠡᠭ ᠨᠢ ᠰᠤᠷᠭᠠᠨ ᠬᠥᠮᠦᠵᠢᠯ ᠨᠢ ᠰᠣᠷᠣᠭᠴᠢᠳ ︵ᠬᠡᠦᠬᠡᠳ ᠪᠠᠭᠠᠴᠤᠳ︶ ᠠᠴᠠ ᠰᠤᠷᠤᠯᠭ᠎ᠠ ᠶᠢᠨ | ᠰᠦᠢᠳᠬᠡᠯ᠂ ᠰᠤᠯᠠ ᠵᠠᠷᠤᠳᠠᠯ ᠵᠢᠴᠢ ᠠᠰᠠᠷᠠᠵᠤ ᠪᠤᠶᠢᠵᠢᠭᠤᠯᠬᠤ ᠰᠦᠢᠳᠬᠡᠯ ᠢ ᠬᠤᠷᠢᠶᠠᠬᠤ ᠦᠭᠡᠶ ᠪᠠᠶᠢᠬᠤ ᠶᠢ ᠵᠢᠭᠠᠵᠤ ᠪᠤᠶ᠃ ᠰᠦᠢᠳᠬᠡᠯ ᠦᠯᠦ ᠬᠤᠷᠢᠶᠠᠬᠤ | ᠰᠤᠷᠭᠠᠨ ᠬᠥᠮᠦᠵᠢᠯ ᠤᠨ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠬᠦᠷᠢᠶᠡᠨ ᠳᠠᠬᠢ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠣᠰᠣᠭᠠᠷ ᠬᠤᠪᠢᠶᠠᠨ ᠡᠭᠦᠷᠭᠡᠯᠡᠨ᠎ᠡ᠃ ᠣᠳᠣᠬᠠᠨ ᠳᠤ᠂ ᠮᠠᠨ ᠤ ᠤᠯᠤᠰ ᠶᠢᠰᠦᠨ ᠵᠢᠯ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠳᠤ ᠰᠦᠢᠳᠬᠡᠯ ᠦᠯᠦ ᠬᠤᠷᠢᠶᠠᠬᠤ ᠪᠠᠶᠢᠬᠤ ᠶᠢ ᠬᠡᠷᠡᠭᠵᠢᠭᠦᠯᠵᠦ᠂ ᠡᠭᠦᠨ ᠤ ᠬᠠᠮᠲᠤ ᠤᠯᠤᠰ ᠠᠴᠠ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠶᠢ ᠠᠯᠬᠤᠮ ᠠᠯᠬᠤᠮ ᠢᠶᠠᠷ ᠲᠥᠷᠥᠯ ᠠᠩᠭᠢᠯᠠᠨ ᠠᠬᠢᠭᠤᠯᠵᠤ᠂ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠩᠰᠠᠯᠠᠵᠤ ᠺᠠᠷᠳ᠋ᠯᠠᠭᠰᠠᠨ ᠵᠡᠷᠭᠡ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠤᠨ | ᠡᠷᠬᠡ ᠲᠡᠭᠰᠢ ᠪᠠᠶᠢᠬᠤ ᠶᠢ ᠠᠬᠢᠭᠤᠯᠬᠤ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠲᠡᠩᠴᠡᠭᠦᠷᠢᠰᠢᠯ ᠢ ᠠᠬᠢᠭᠤᠯᠬᠤ ᠵᠡᠷᠭᠡ | ᠲᠠᠯ᠎ᠠ ᠪᠠᠷ ᠴᠢᠬᠤᠯᠠ ᠦᠢᠯᠡᠳᠦᠯ ᠢᠶᠠᠨ ᠦᠵᠡᠭᠦᠯᠪᠡ᠃ ᠰᠦᠢᠳᠬᠡᠯ ᠦᠯᠦ ᠬᠤᠷᠢᠶᠠᠬᠤ ᠰᠤᠷᠭᠠᠨ ᠬᠥᠮᠥᠵᠢᠯ ᠤᠨ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠬᠦ ᠨᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠬᠥᠮᠦᠨ ᠤ ᠬᠦᠴᠦᠨ ᠤ ᠡᠬᠢ ᠪᠠᠶᠠᠯᠢᠭ ᠢ | ᠨᠡᠭᠡᠭᠡᠬᠦ ᠬᠢᠷᠢ ᠲᠦᠪᠰᠢᠨ ᠢ ᠳᠡᠭᠡᠭᠰᠢᠯᠡᠭᠦᠯᠬᠦ᠂ ᠬᠤᠲᠠ ᠬᠥᠳᠡᠭᠡ᠂ ᠣᠷᠣᠨ ᠪᠦᠰᠡ᠂ ᠰᠤᠷᠭᠠᠭᠤᠯᠢ ᠨᠤᠭᠤᠳ ᠤᠨ ᠬᠤᠭᠤᠷᠣᠨᠳᠤᠬᠢ ᠪᠠ ᠨᠡᠶᠢᠲᠡ ᠴᠣᠭᠴᠠ ᠳᠤ | ᠬᠤᠯᠪᠣᠭᠳᠠᠭᠰᠠᠨ ᠰᠤᠷᠭᠠᠨ ᠬᠥᠮᠥᠵᠢᠯ ᠤᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠳᠠᠷᠤᠭᠠᠰᠤ ᠶᠢ ᠤᠯᠠᠮ | ᠨᠢᠭᠡ ᠠᠯᠬᠤᠮ ᠬᠥᠩᠭᠡᠯᠡᠵᠦ᠂ ᠵᠣᠬᠢᠬᠤ ᠨᠠᠰᠤᠨ ᠤ ᠬᠡᠦᠬᠡᠳ ᠪᠠᠭᠠᠴᠤᠳ ᠤᠨ ᠰᠤᠷᠭᠠᠨ ᠬᠥᠮᠦᠵᠢᠯ ᠬᠦᠷᠲᠡᠬᠦ ᠵᠠᠪᠰᠢᠶᠠᠨ ᠢ ᠨᠢ ᠭᠦᠢᠴᠡᠳ ᠪᠠᠲᠤᠯᠠᠬᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠠᠰᠢᠭᠲᠠᠶ ᠶᠤᠮ᠃ |