| ︽ᠡᠭᠦᠰᠦᠮᠡᠯ ᠵᠣᠬᠢᠶᠠᠮᠠᠯ ᠣᠶᠣᠨᠯᠢᠭ︾ | ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠭᠡᠳᠡᠭ ᠨᠢ ᠵᠣᠬᠢᠶᠠᠮᠠᠯ ᠣᠶᠤᠨ ᠤ ᠨᠢᠭᠡᠨ ᠰᠠᠯᠪᠤᠷᠢ ᠪᠠᠶᠢᠵᠤ᠂ ᠪᠤᠳᠤᠬᠤ ᠠᠷᠭ᠎ᠠ᠂ ᠵᠠᠭᠪᠤᠷ᠂ ᠲᠦᠷᠢᠮ ᠳᠤ | ᠰᠠᠭᠤᠷᠢᠯᠠᠨ ᠲᠣᠪᠬᠢᠮᠠᠯ᠂ ᠵᠢᠷᠤᠭ᠂ ᠳᠠᠭᠤᠤ᠂ ᠸᠢᠳᠢᠣ᠋᠂ ᠺᠣᠳ᠋ ᠵᠡᠷᠭᠡ ᠠᠭᠤᠯᠭ᠎ᠠ ᠶᠢ ᠡᠭᠦᠰᠭᠡᠬᠦ ᠮᠡᠷᠭᠡᠵᠢᠯ ᠪᠣᠯᠤᠨ᠎ᠠ᠃ ᠡᠨᠡ ᠬᠦ ᠮᠡᠷᠭᠡᠵᠢᠯ ᠨᠢ ᠬᠡᠷᠡᠭᠯᠡᠭᠴᠢᠳ ᠤᠨ | ᠬᠡᠷᠡᠭᠴᠡᠭᠡ ᠳᠤ ᠴᠢᠭᠯᠡᠭᠦᠯᠦᠨ᠂ ᠤᠷᠢᠳ ᠢᠶᠠᠷ ᠪᠣᠯᠪᠠᠰᠤᠷᠠᠭᠤᠯᠤᠭᠰᠠᠨ ᠤᠯᠠᠨ ᠲᠥᠯᠥᠪ ᠤᠨ ᠰᠠᠭᠤᠷᠢ ᠶᠡᠭᠡ ᠵᠠᠭᠪᠤᠷ ᠵᠡᠷᠭᠡ ᠳᠤ ᠲᠦᠰᠢᠭᠯᠡᠨ ᠬᠡᠷᠡᠭᠯᠡᠭᠴᠢ ᠶᠢᠨ | ᠥᠷᠥᠵᠦ ᠣᠷᠤᠭᠤᠯᠤᠭᠰᠠᠨ ᠬᠠᠮᠢᠶ᠎ᠠ ᠪᠦᠬᠦᠢ ᠮᠠᠲ᠋ᠧᠷᠢᠶᠠᠯ ᠢ ᠠᠰᠢᠭᠯᠠᠵᠤ᠂ ᠵᠣᠬᠢᠬᠤ ᠯᠣᠭᠢᠭ ᠤᠨ ᠴᠢᠨᠠᠷᠲᠠᠢ ᠪᠠ ᠬᠤᠯᠪᠣᠯᠳᠤᠯ ᠤᠨ ᠴᠢᠨᠠᠷᠲᠠᠢ ᠠᠭᠤᠯᠭ᠎ᠠ ᠶᠢ | ᠡᠭᠦᠰᠭᠡᠳᠡᠭ᠃ ᠤᠯᠠᠮᠵᠢᠯᠠᠯᠲᠤ ᠵᠣᠬᠢᠶᠠᠮᠠᠯ ᠣᠶᠤᠨ ᠯᠤᠭ᠎ᠠ ᠠᠳᠠᠯᠢ ᠦᠭᠡᠢ ᠲᠠᠯ᠎ᠠ ᠭᠡᠪᠡᠯ᠂ ᠡᠭᠦᠰᠦᠮᠡᠯ ᠬᠡᠯᠪᠡᠷᠢ ᠶᠢᠨ ᠵᠣᠬᠢᠶᠠᠮᠠᠯ ᠣᠶᠤᠨ ᠨᠢ ᠥᠷᠥᠵᠦ | ᠣᠷᠣᠭᠤᠯᠤᠭᠰᠠᠨ ᠲᠤᠭ᠎ᠠ ᠪᠠᠷᠢᠮᠲᠠ ᠶᠢ ᠰᠢᠢᠳᠪᠦᠷᠢᠯᠡᠬᠦ ᠪᠠᠷ ᠪᠠᠷᠠᠬᠤ ᠦᠭᠡᠢ᠂ ᠨᠡᠩ ᠴᠤ ᠬᠡᠷᠡᠭ ᠪᠣᠳᠠᠰ ᠤᠨ ᠳᠣᠲᠣᠭᠠᠳᠤ ᠵᠢᠮ᠎ᠡ ᠶᠣᠰᠣ ᠶᠢ ᠰᠤᠷᠤᠯᠴᠠᠬᠤ ᠪᠠ | ᠳᠠᠭᠤᠷᠢᠶᠠᠵᠤ᠂ ᠰᠢᠨ᠎ᠡ ᠠᠭᠤᠯᠭ᠎ᠠ ᠶᠢ ᠥᠪᠡᠰᠦᠪᠡᠨ ᠡᠭᠦᠳᠦᠨ ᠪᠦᠲᠦᠭᠡᠵᠦ ᠴᠢᠳᠠᠨ᠎ᠠ᠃ | ︽ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ︾ | ᠠᠵᠢᠯ ᠣᠯᠭᠤᠯᠲᠠ ᠶᠢᠨ ᠰᠢᠨ᠎ᠡ ᠭᠡᠯᠪᠡᠷᠢ ᠪᠠᠶᠢᠳᠠᠯ ᠭᠡᠳᠡᠭ ᠨᠢ ᠢᠨᠲ᠋ᠧᠷ ᠰᠦᠯᠵᠢᠶᠡᠨ ᠤ ᠮᠡᠷᠭᠡᠵᠢᠯ ᠤᠨ ᠬᠡᠷᠡᠭᠯᠡᠯᠲᠡ ᠪᠠ ᠳ᠋ᠢᠭᠢᠲ᠋ᠠᠯ ᠠᠵᠤ ᠠᠬᠤᠶ ᠶᠢᠨ | ᠬᠥᠭᠵᠢᠯᠲᠡ ᠶᠢ ᠳᠠᠭᠠᠯᠳᠤᠨ ᠢᠯᠡᠷᠡᠭᠰᠡᠨ ᠠᠵᠢᠯ ᠤᠨ ᠬᠡᠪ ᠵᠠᠭᠪᠤᠷ ᠢ ᠵᠢᠭᠠᠵᠤ ᠪᠣᠶ᠂ ᠵᠢᠱᠢᠶᠡᠯᠡᠪᠡᠯ ᠢᠨᠲ᠋ᠧᠷ ᠰᠦᠯᠵᠢᠶᠡᠨ ᠤ ᠲᠠᠪᠴᠠᠩ ᠳᠤ ᠲᠦᠰᠢᠭᠯᠡᠨ ᠠᠵᠢᠯ | ᠣᠯᠤᠭᠰᠠᠨ ᠰᠦᠯᠵᠢᠶ᠎ᠡ ᠪᠠᠷ ᠪᠣᠯᠵᠣᠬᠤ ᠳᠣᠭᠢᠷᠠᠭᠤᠯᠤᠨ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠲᠡᠷᠭᠡᠨ ᠵᠢᠯᠣᠭᠤᠴᠢ᠂ ᠢᠨᠲ᠋ᠧᠷ ᠰᠦᠯᠵᠢᠶᠡᠨ ᠤ ᠡᠵᠡᠩᠨᠡᠨ | ᠪᠣᠷᠣᠯᠠᠭᠤᠯᠤᠭᠴᠢ ᠵᠡᠷᠭᠡ ᠪᠣᠯᠤᠨ᠎ᠠ᠃ ᠠᠵᠢᠯ ᠣᠯᠭᠤᠯᠲᠠ ᠶᠢᠨ ᠰᠢᠨ᠎ᠡ ᠬᠡᠯᠪᠡᠷᠢ ᠪᠠᠶᠢᠳᠠᠯ ᠳᠤ ᠬᠥᠳᠡᠯᠮᠦᠷᠢ ᠶᠢᠨ ᠬᠠᠷᠢᠴᠠᠭ᠎ᠠ ᠨᠢ ᠠᠮᠢᠳᠤᠯᠢᠭ᠂ ᠠᠵᠢᠯ ᠤᠨ | ᠠᠭᠤᠯᠭ᠎ᠠ ᠨᠢ ᠣᠯᠠᠨ ᠶᠠᠩᠵᠤ ᠶᠢᠨ᠂ ᠠᠵᠢᠯ ᠤᠨ ᠠᠷᠭ᠎ᠠ ᠮᠠᠶ᠋ᠢᠭ ᠨᠢ ᠬᠠᠷᠢᠮᠠᠬᠠᠶ ᠴᠢᠨᠠᠷ ᠲᠠᠢ᠂ ᠦᠢᠯᠡᠰ ᠪᠣᠰᠬᠠᠬᠤ ᠲᠣᠬᠢᠶᠠᠯ ᠬᠠᠷᠢᠯᠴᠠᠨ ᠬᠤᠯᠪᠣᠯᠳᠤᠬᠤ ᠵᠡᠷᠭᠡ | ᠣᠨᠴᠠᠯᠢᠭ ᠲᠠᠢ ᠪᠠᠶᠢᠵᠤ᠂ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ᠂ ᠬᠥᠳᠡᠯᠮᠦᠷᠢ ᠬᠦᠴᠦᠨ ᠤ ᠵᠠᠬ᠎ᠠ ᠳᠡᠯᠭᠡᠭᠦᠷ ᠢ ᠲᠣᠬᠢᠷᠠᠭᠤᠯᠬᠤ ᠳᠤ ᠴᠢᠬᠤᠯᠠ | ᠦᠢᠯᠡᠳᠦᠯ ᠲᠠᠢ ᠮᠥᠷᠲᠡᠭᠡᠨ ᠪᠠᠰᠠ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ | ᠴᠢᠩᠭᠠᠳᠬᠠᠬᠤ ᠳᠤ ᠰᠢᠨ᠎ᠡ ᠱᠠᠭᠠᠷᠳᠠᠯᠭ᠎ᠠ ᠳᠤᠷᠠᠳᠴᠤ᠂ ᠬᠥᠭᠵᠢᠭᠦᠯᠬᠦ ᠶᠢ ᠵᠣᠷᠢᠭᠵᠢᠭᠤᠯᠬᠤ ᠮᠥᠷᠲᠡᠭᠡᠨ ᠪᠠᠰᠠ ᠲᠡᠭᠦᠨ ᠢ ᠵᠢᠷᠤᠮᠵᠢᠭᠤᠯᠬᠤ ᠴᠢᠬᠤᠯᠠᠲᠠᠢ ᠪᠠᠶᠢᠳᠠᠭ᠃ | ︽ᠨᠢᠭᠲᠠ ᠬᠡᠯᠪᠡᠷᠢ ᠶᠢᠨ ᠡᠮᠨᠡᠯᠭᠡ ᠶᠢᠨ ᠬᠤᠯᠪᠣᠭᠠᠲᠤ ᠴᠣᠭᠴᠠ︾ | ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠭᠡᠳᠡᠭ ᠨᠢ ᠵᠣᠬᠢᠬᠤ ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠬᠡᠰᠡᠭ ᠪᠠᠶᠢᠭᠤᠯᠤᠮᠵᠢ ᠶᠢᠨ | ᠬᠤᠭᠤᠷᠣᠨᠳᠣᠬᠢ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ᠂ ᠬᠤᠤᠰ ᠴᠢᠭᠯᠡᠯ ᠢᠶᠠᠷ ᠰᠢᠯᠵᠢᠭᠦᠯᠦᠨ ᠡᠮᠨᠡᠭᠦᠯᠬᠦ ᠲᠣᠭᠲᠠᠴᠠ ᠪᠠ ᠤᠷᠮᠠᠰᠢᠭᠤᠯᠤᠨ | ᠬᠢᠵᠠᠭᠠᠷᠯᠠᠬᠤ ᠶᠢ ᠬᠠᠷᠢᠯᠴᠠᠨ ᠵᠣᠬᠢᠴᠠᠯᠳᠤᠭᠤᠯᠤᠭᠰᠠᠨ ᠠᠰᠢᠭ ᠲᠤᠰᠠ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠠᠵᠢᠯᠲᠠᠨ᠂ | ᠮᠡᠷᠭᠡᠵᠢᠯ᠂ ᠦᠢᠯᠡᠴᠢᠯᠡᠭᠡ᠂ ᠬᠠᠮᠢᠶᠠᠷᠤᠯᠲᠠ ᠶᠢ ᠬᠠᠮᠵᠢᠯᠴᠠᠭᠤᠯᠤᠨ ᠬᠠᠮᠲᠤ ᠪᠠᠷ ᠡᠳ᠋ᠯᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠴᠢᠳᠠᠪᠤᠷᠢ ᠶᠢ ᠳᠡᠭᠡᠭᠰᠢᠯᠡᠭᠦᠯᠦᠨ | ᠂ ᠬᠠᠷᠢᠭᠤᠴᠠᠯᠭ᠎ᠠ᠂ ᠬᠠᠮᠢᠶᠠᠷᠤᠯᠲᠠ᠂ ᠦᠢᠯᠡᠴᠢᠯᠡᠭᠡ᠂ ᠠᠰᠢᠭ ᠲᠤᠰᠠ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ ᠬᠠᠮᠢᠶ᠎ᠠ ᠪᠦᠬᠦᠢ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠡᠮᠴᠢᠯᠡᠭᠡᠨ ᠤ ᠦᠢᠯᠡᠴᠢᠯᠡᠭᠡ ᠪᠠ ᠬᠠᠮᠢᠶᠠᠷᠤᠯᠲᠠ ᠶᠢ ᠨᠢᠭᠡ ᠴᠣᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠦᠨ᠂ | ᠡᠮᠴᠢᠯᠡᠭᠡᠨ ᠤ ᠡᠬᠢ ᠪᠠᠶᠠᠯᠢᠭ ᠢ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠵᠤ᠂ ᠡᠬᠢ ᠪᠠᠶᠠᠯᠢᠭ ᠢ ᠲᠣᠬᠢᠷᠠᠭᠤᠯᠬᠤ ᠪᠠ ᠠᠰᠢᠭᠯᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠠᠵᠢᠯᠯᠠᠭᠠᠨ ᠤ ᠬᠥᠭᠵᠢᠯᠲᠡ ᠶᠢᠨ ᠦᠷᠭᠦᠯᠵᠢᠯᠡᠬᠦ ᠶᠢ ᠪᠠᠲᠤᠯᠠᠵᠤ᠂ ᠠᠷᠠᠳ ᠣᠯᠠᠨ ᠤ ᠣᠶᠢᠷ᠎ᠠ ᠬᠠᠪᠢ ᠳᠤ ᠪᠠᠨ ᠳᠥᠭᠦᠮᠯᠡᠬᠦ ᠳᠤ | ᠨᠠᠩ ᠲᠥᠪ ᠭᠤᠤᠯᠴᠢ ᠪᠥᠭᠡᠳ ᠬᠦᠷᠦᠯᠴᠡᠬᠦ᠋ᠢᠴᠡ᠂ ᠣᠯᠠᠨ ᠲᠠᠰ ᠳᠠᠪᠬᠤᠷᠭ᠎ᠠ ᠶᠢᠨ᠂ ᠦᠷᠭᠦᠯᠵᠢᠯᠡᠭᠰᠡᠨ ᠰᠢᠰᠲ᠋ᠧᠮ ᠲᠠᠢ ᠡᠮᠴᠢᠯᠡᠭᠡᠨ ᠡᠷᠡᠭᠦᠯ ᠬᠠᠮᠠᠭᠠᠯᠠᠯ ᠤᠨ | ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ |