| ︽ᠦᠷᠡᠵᠢᠯ ᠳᠤ ᠡᠭᠡᠯᠢᠲᠡᠢ ᠨᠡᠶᠢᠭᠡᠮ︾ | ᠦᠷᠡᠵᠢᠯ ᠳᠤ ᠡᠭᠡᠯᠢᠲᠡᠢ ᠨᠡᠶᠢᠭᠡᠮ ᠭᠡᠳᠡᠭ ᠨᠢ ᠨᠡᠶᠢᠭᠡᠮ ᠤᠨ ᠡᠯ᠎ᠡ ᠲᠠᠯ᠎ᠠ ᠶᠢᠨ ᠬᠢᠨ ᠦᠷᠡᠵᠢᠯ ᠢ ᠴᠢᠬᠤᠯᠠᠴᠢᠯᠠᠳᠠᠭ᠂ ᠦᠷᠡᠵᠢᠯ ᠢ ᠳᠡᠮᠵᠢᠳᠡᠭ ᠨᠡᠶᠢᠭᠡᠮ ᠤᠨ | ᠰᠠᠶᠢᠨ ᠰᠠᠶᠢᠬᠠᠨ ᠪᠠᠶᠢᠳᠠᠯ ᠢ ᠵᠢᠭᠠᠵᠤ ᠪᠤᠶ᠃ ᠵᠠᠰᠠᠭ ᠤᠨ ᠤᠷᠳᠤᠨ ᠪᠦᠭᠦ ᠬᠥᠮᠥᠰ ᠢ ᠬᠠᠮᠤᠷᠤᠭᠰᠠᠨ᠂ ᠠᠮᠢ ᠨᠠᠰᠤᠨ ᠤ ᠪᠥᠬᠦ ᠦᠶᠡᠯᠡᠯ ᠳᠠᠬᠢ ᠭᠦᠮᠦᠨ ᠠᠮᠠ ᠳᠤ | ᠦᠢᠯᠡᠴᠢᠯᠡᠭᠡ ᠬᠠᠩᠭᠠᠬᠤ ᠪᠠᠷ ᠲᠠᠮᠵᠢᠭᠤᠯᠤᠨ᠂ ᠦᠷᠡᠵᠢᠯ ᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠬᠦᠯᠬᠦ ᠪᠠ | ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠦᠷᠬᠡᠨ ᠢᠶᠠᠷ ᠲᠠᠶᠢᠴᠢᠯᠠᠨ ᠣᠷᠣᠯᠴᠠᠭᠤᠯᠵᠤ᠂ ᠪᠦᠭᠦ ᠨᠡᠶᠢᠬᠡᠮ ᠳᠤ ᠦᠷᠡᠵᠢᠯ ᠳᠤ ᠠᠰᠢᠨᠨᠳᠠᠢ ᠤᠷᠤᠭᠯᠠᠬᠤ ᠬᠡᠯᠪᠡᠷᠢ | ᠵᠠᠬᠪᠤᠷ᠂ ᠰᠤᠶᠤᠯ ᠪᠠ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ᠂ ᠤᠷᠮᠠᠰᠢᠭᠤᠯᠬᠤ ᠲᠤᠨᠨᠳᠠᠴᠠ᠂ ᠦᠢᠯᠡᠴᠢᠯᠡᠬᠡᠨ ᠤ ᠲᠣᠭᠲᠠᠯᠴᠠᠭ᠎ᠠ᠂ ᠵᠠᠬ᠎ᠠ ᠲᠡᠯᠬᠡᠭᠦᠷ ᠤᠨ | ᠨᠦᠭᠦᠴᠡᠯ ᠵᠡᠷᠬᠡ ᠶᠢ ᠪᠦᠷᠢᠯᠳᠦᠭᠦᠯᠦᠨ᠂ ᠰᠠᠶᠢᠨ ᠰᠠᠢᠬᠠᠨ ᠲᠦᠷᠦ ᠶᠢᠨ ᠪᠤᠳᠤᠯᠭ᠎ᠠ᠂ ᠨᠡᠶᠢᠬᠡᠮ᠂ ᠵᠠᠬ᠎ᠠ ᠲᠡᠯᠬᠡᠭᠦᠷ ᠪᠠ ᠬᠡᠷ ᠪᠦᠯᠢ ᠶᠢᠨ ᠤᠷᠴᠢᠨ ᠨᠦᠭᠦᠴᠡᠯ ᠢᠶᠠᠷ | ᠵᠣᠷᠢᠯᠭ᠎ᠠ ᠪᠣᠯᠭᠠᠵᠤ᠂ ᠦᠷᠡᠵᠢᠬᠦ ᠪᠤᠶᠢᠵᠢᠭᠤᠯᠬᠤ ᠲᠡᠵᠢᠭᠡᠬᠦ ᠬᠥᠮᠥᠵᠢᠭᠦᠯᠬᠦ ᠦᠪᠡᠷ ᠤᠨ ᠦᠷᠳᠡᠭ ᠢ ᠪᠠᠭᠤᠷᠠᠭᠤᠯᠤᠨ᠂ ᠵᠠᠯᠠᠭᠤᠴᠤᠳ ᠢ ᠭᠦᠳᠦᠯᠦᠨ ᠵᠢᠯᠤᠭᠤᠳᠴᠤ | ᠪᠠᠶᠢᠭᠠᠳ ᠢᠳᠡᠪᠬᠢᠲᠡᠢ ᠤᠷᠤᠭ ᠬᠤᠷᠢᠮ ᠤᠨ ᠦᠵᠡᠯᠳᠡ᠂ ᠦᠷᠡᠵᠢᠯ ᠤᠨ ᠦᠵᠡᠯᠳᠡ᠂ ᠬᠡᠷ ᠪᠦᠯᠢ ᠶᠢᠨ ᠦᠵᠡᠯᠳᠡ ᠶᠢ ᠪᠣᠢ ᠪᠣᠯᠭᠠᠵᠤ᠂ ᠵᠣᠬᠢᠬᠤ ᠨᠠᠰᠤᠨ ᠳᠤ ᠪᠠᠨ | ᠤᠷᠤᠭᠯᠠᠬᠤ ᠦᠷᠡᠵᠢᠬᠦ ᠪᠠ ᠬᠠᠨᠢ ᠨᠥᠬᠦᠷ ᠨᠢ ᠬᠡᠦᠬᠡᠳ ᠬᠥᠮᠥᠵᠢᠭᠦᠯᠬᠦ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠪᠣᠯᠭᠠᠨ᠂ ᠪᠤᠯᠪᠠᠰᠤᠨ ᠵᠤᠯ ᠵᠢᠷᠭᠠᠯᠳᠤ ᠬᠡᠷ | ᠪᠦᠯᠢ ᠶᠢ ᠪᠠᠶᠢᠭᠤᠯᠤᠨ᠂ ᠳᠤᠷᠠᠲᠠᠶ᠎ᠠ ᠬᠡᠦᠬᠡᠳ ᠲᠥᠷᠥᠬᠦ᠂ ᠡᠷᠡᠭᠦᠯ ᠲᠥᠷᠥᠭᠦᠯᠵᠦ ᠬᠥᠩᠭᠡᠵᠢᠬᠦ᠂ ᠲᠥᠷᠥᠭᠡᠳ ᠲᠡᠵᠢᠭᠡᠵᠦ ᠳᠡᠶᠢᠯᠬᠦ᠂ ᠰᠠᠶᠢᠲᠤᠷ ᠪᠤᠶᠢᠵᠢᠭᠤᠯᠵᠤ | ᠥᠰᠬᠡᠬᠦ ᠰᠠᠶᠢᠨ ᠤᠷᠴᠢᠯ ᠢ ᠪᠦᠷᠢᠯᠳᠦᠭᠦᠯᠵᠦ᠂ ᠵᠣᠬᠢᠬᠤ ᠦᠷᠡᠵᠢᠯ ᠤᠨ ᠬᠢᠷᠢ ᠲᠦᠪᠰᠢᠨ ᠪᠠ ᠭᠦᠮᠦᠨ ᠠᠮᠠ ᠶᠢᠨ ᠬᠡᠪᠴᠢᠶ᠎ᠡ ᠶᠢ ᠬᠦᠴᠦᠯᠡᠨ ᠪᠠᠲᠤᠯᠠᠨ᠎ᠠ᠃ | ︽ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ︾ | ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ ᠭᠡᠳᠡᠭ ᠨᠢ ᠨᠡᠶᠢᠭᠡᠮ ᠲᠣᠭᠤᠷᠢᠭ ︵ᠬᠤᠷᠢᠶᠠᠯᠠᠯ︶ ᠤᠨ ᠨᠡᠶᠢᠲᠡ ᠶᠢᠨ ᠣᠷᠣᠨ ᠵᠠᠶ ᠳᠤ ᠴᠢᠳᠠᠮᠵᠢᠲᠤ | ᠪᠡᠯᠡᠳᠬᠡᠮᠵᠢ ᠰᠢᠭᠢᠳᠬᠡᠬᠦ ᠪᠠᠷ ᠳᠠᠮᠵᠢᠭᠤᠯᠤᠨ᠂ ᠬᠡᠷ ᠤᠨ ᠣᠶᠢᠷ᠎ᠠ ᠬᠠᠪᠢ ᠳᠤ ᠨᠢ ᠨᠠᠶᠢᠳᠠᠨ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠵᠢᠭᠠᠵᠤ ᠪᠣᠶ᠃ ᠡᠭᠦᠨ ᠳᠤ | ᠨᠢᠷᠠᠢ ᠨᠢᠯᠬ᠎ᠠ ᠬᠡᠦᠬᠡᠳ ᠢ ᠪᠦᠬᠦᠯᠢ ᠡᠳᠦᠷ ᠢᠶᠠᠷ ᠰᠠᠭᠠᠲᠠᠭᠤᠯᠬᠤ᠂ ᠬᠠᠭᠠᠰ ᠡᠳᠦᠷ ᠢᠶᠠᠷ ᠰᠠᠭᠠᠲᠠᠭᠤᠯᠬᠤ᠂ ᠴᠠᠭ ᠢᠶᠠᠷ ᠪᠣᠳᠣᠵᠤ ᠰᠠᠭᠠᠲᠠᠭᠤᠯᠬᠤ᠂ ᠲᠦᠷ ᠴᠠᠭ | ᠰᠠᠭᠠᠲᠠᠭᠤᠯᠬᠤ ᠵᠡᠷᠭᠡ ᠣᠯᠠᠨ ᠬᠡᠯᠪᠡᠷᠢ ᠶᠢᠨ ᠠᠰᠠᠷᠠᠬᠤ ᠦᠢᠯᠡᠴᠢᠯᠡᠭᠡ ᠪᠠᠭᠲᠠᠨ᠎ᠠ᠃ ᠰᠢᠭᠢᠳᠬᠡᠯᠲᠦ ᠮᠠᠶ᠋ᠢᠭ ᠢᠶᠠᠷ ᠨᠠᠶᠢᠳᠠᠨ ᠰᠠᠭᠠᠲᠠᠭᠤᠯᠬᠤ ᠨᠢ ᠨᠡᠶᠢᠲᠡ ᠶᠢᠨ | ᠠᠰᠠᠷᠠᠮᠵᠢ ᠶᠢᠨ ᠴᠢᠨᠠᠷ ᠬᠢᠭᠡᠳ ᠵᠠᠬ᠎ᠠ ᠳᠡᠯᠭᠡᠭᠦᠷᠴᠢᠯᠡᠬᠦ ᠯᠦᠭᠡ ᠤᠶᠠᠯᠳᠤᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠢᠯᠡᠳᠦᠯ ᠢ ᠨᠢ | ᠪᠠᠳᠠᠷᠠᠭᠤᠯᠬᠤ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠬᠠᠮᠵᠢᠯᠴᠠᠬᠤ | ᠵᠠᠭᠪᠤᠷ ᠢᠶᠠᠷ ᠠᠵᠢᠯᠯᠠᠨ᠎ᠠ᠃ | ︽ᠪᠤᠭᠤᠷᠤᠯᠴᠤᠳ ᠤᠨ ᠠᠵᠤ ᠠᠬᠤᠢ︾ | ᠪᠤᠭᠤᠷᠤᠯᠴᠤᠳ ᠤᠨ ᠠᠵᠤ ᠠᠬᠤᠶ ᠪᠣᠯ ᠨᠠᠰᠤᠲᠠᠶᠢᠴᠤᠳ ᠲᠤ ᠦᠢᠯᠡᠳᠬᠦᠨ ᠪᠤᠶᠤ ᠦᠢᠯᠡᠴᠢᠯᠡᠭᠡ ᠬᠠᠩᠭᠠᠬᠤ ᠵᠢᠴᠢ ᠨᠠᠰᠤᠵᠢᠯ ᠤᠨ ᠱᠠᠲᠤᠨ ᠤ ᠪᠡᠯᠡᠳᠬᠡᠯ ᠬᠢᠬᠦ | ᠵᠡᠷᠭᠡ ᠠᠯᠢ ᠣᠯᠠᠨ ᠠᠵᠤ ᠠᠬᠤᠶ ᠶᠢᠨ ᠬᠥᠳᠡᠯᠭᠡᠭᠡᠨ ᠤ ᠨᠡᠶᠢᠯᠡᠪᠦᠷᠢ ᠪᠣᠯᠤᠨ᠎ᠠ᠃ ᠡᠭᠦᠨ ᠳᠤ ᠨᠠᠰᠤᠲᠠᠶᠢᠴᠤᠳ ᠤᠨ ᠬᠤᠭᠤᠯᠠ ᠢᠳᠡᠬᠦ᠂ ᠡᠪᠡᠳᠴᠢᠨ ᠦᠵᠡᠭᠦᠯᠬᠦ᠂ | ᠠᠰᠠᠷᠠᠵᠤ ᠰᠤᠪᠢᠯᠠᠬᠤ᠂ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠵᠡᠷᠭᠡ ᠠᠵᠢᠯ ᠦᠢᠯᠡᠰ ᠤᠨ ᠬᠡᠪᠴᠢᠶᠡᠨ ᠤ ᠣᠯᠠᠨ ᠨᠡᠶᠢᠲᠡ ᠶᠢᠨ ᠦᠢᠯᠡᠴᠢᠯᠡᠭᠡ ᠶᠢ | ᠪᠠᠭᠲᠠᠭᠠᠭᠰᠠᠨ ᠪᠥᠭᠡᠳ ᠨᠠᠰᠤᠲᠠᠶᠢᠴᠤᠳ ᠪᠠ ᠨᠠᠰᠤᠵᠢᠵᠤ ᠥᠲᠡᠯᠵᠦ ᠪᠠᠶᠢᠭ᠎ᠠ ᠬᠥᠮᠥᠰ ᠤᠨ ᠣᠯᠠᠨ ᠲᠠᠰ ᠳᠠᠪᠬᠤᠷᠭ᠎ᠠ᠂ ᠣᠯᠠᠨ ᠶᠠᠩᠵᠤ ᠶᠢᠨ ᠦᠢᠯᠡᠳᠬᠦᠨ ᠪᠠ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠢ ᠬᠠᠩᠭᠠᠬᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠠᠵᠤ ᠠᠬᠤᠶ ᠶᠢᠨ ᠠᠵᠢᠯᠯᠠᠭ᠎ᠠ ᠶᠢ ᠬᠠᠮᠤᠷᠴᠤ ᠪᠠᠶᠢᠨ᠎ᠠ᠂ | ᠵᠢᠱᠢᠶᠡᠯᠡᠪᠡᠯ ᠨᠠᠰᠤᠲᠠᠶᠢᠴᠤᠳ ᠤᠨ ᠬᠡᠷᠡᠭᠰᠡᠯ᠂ ᠣᠶᠤᠨᠲᠤ ᠪᠥᠭᠡᠳ ᠡᠷᠡᠭᠦᠯ ᠬᠡᠯᠪᠡᠷᠢ ᠶᠢᠨ ᠨᠠᠰᠤᠵᠢᠯ ᠤᠨ ᠠᠰᠠᠷᠠᠮᠵᠢ᠂ ᠡᠷᠡᠭᠦᠯᠵᠢᠯ ᠤᠨ ᠲᠤᠰᠠᠯᠠᠬᠤ ᠪᠠᠭᠠᠵᠢ᠂ | ᠥᠲᠡᠯᠬᠦ ᠠᠴᠠ ᠰᠡᠷᠭᠡᠶᠢᠯᠡᠬᠦ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡᠨ ᠤ ᠨᠡᠷᠡᠳᠬᠦᠨ᠂ ᠨᠠᠰᠤᠲᠠᠶᠢᠴᠤᠳ ᠤᠨ ᠵᠢᠭᠤᠯᠴᠢᠯᠠᠯ ᠤᠨ ᠦᠢᠯᠡᠴᠢᠯᠡᠭᠡ᠂ | ᠨᠠᠰᠤᠵᠢᠯ ᠳᠤ ᠳᠣᠭᠢᠷᠠᠬᠤ ᠰᠢᠨᠡᠴᠢᠯᠡᠯᠲᠡ ᠵᠡᠷᠭᠡ ᠳᠠᠯᠳᠠ ᠬᠦᠴᠦᠨ ᠪᠦᠬᠦᠢ ᠠᠵᠤ ᠦᠢᠯᠡᠰ ᠢ ᠬᠥᠭᠵᠢᠭᠦᠯᠬᠦ ᠶᠠᠪᠤᠳᠠᠯ ᠪᠣᠯᠣᠨ᠎ᠠ᠃ ᠪᠤᠭᠤᠷᠤᠯᠴᠤᠳ ᠤᠨ ᠠᠵᠤ | ᠠᠬᠤᠢ ᠶᠢ ᠬᠥᠭᠵᠢᠭᠦᠯᠬᠦ ᠪᠣᠯ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ | ᠡᠨᠧᠷᠭᠢ ᠶᠢ ᠪᠤᠶᠢᠵᠢᠭᠤᠯᠤᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠠ ᠵᠠᠶᠢᠯᠠᠰᠢ ᠦᠭᠡᠢ ᠱᠠᠭᠠᠷᠳᠠᠯᠭ᠎ᠠ | ᠮᠥᠨ᠃ |