ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠪᠠᠶᠢᠭᠤᠯᠤᠯᠲᠠ ᠶᠢᠨ ᠤᠳᠤᠷᠢᠳᠬᠤ ᠬᠦᠴᠦᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠴᠢᠨᠠᠷ ᠢ ᠡᠷᠬᠢᠮᠯᠡᠬᠦ ᠤᠬᠠᠮᠰᠠᠷ ᠢ ᠴᠢᠩᠭᠠᠳᠬᠠᠬᠤ ᠶᠢᠨ ᠲᠥᠯᠦᠭᠡ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ 6 | ᠳ᠋ᠤᠭᠠᠷ ᠰᠠᠷ᠎ᠠ ᠶᠢᠨ 11 - 6 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ ᠪᠦᠬᠦ ᠣᠷᠣᠨ ᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ | ᠤᠳᠤᠷᠢᠳᠬᠤ ᠬᠦᠴᠦᠨ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠪᠡ᠃ | ︽ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠤᠳᠤᠷᠢᠳᠬᠤ ᠬᠦᠴᠦᠨ ᠢ ᠳᠡᠭᠡᠭᠰᠢᠯᠡᠭᠦᠯᠬᠦ︾ ᠡᠨᠡ ᠬᠦ ᠭᠤᠣᠯ ᠰᠡᠳᠦᠪ ᠤᠨ ᠲᠣᠭᠤᠷᠢᠨ ᠳᠤ᠂ ᠲᠤᠰᠬᠠᠢ | ᠮᠡᠷᠭᠡᠵᠢᠯᠲᠡᠳ ᠲᠤᠰ ᠲᠤᠰ ︽ᠪᠠᠭ᠎ᠠ ᠰᠤᠷᠭᠠᠭᠤᠯᠢ ᠶᠢᠨ ᠬᠢᠴᠢᠶᠡᠯ ᠤᠨ ᠳᠣᠭᠲᠠᠯᠴᠠᠭᠠᠨ ᠤ ᠪᠠᠶᠢᠭᠤᠯᠤᠯᠲᠠ ᠶᠢᠨ ᠲᠤᠬᠠᠢ ᠣᠶᠤᠨᠴᠢ ᠪᠣᠳᠣᠯᠬᠢᠯᠠᠯ︾᠂ ︽ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠤᠣᠯ ᠬᠡᠪ ᠪᠣᠯᠪᠠᠰᠤᠷᠠᠯ ᠤᠨ ᠬᠠᠷᠠᠯᠲᠠ ᠳᠠᠬᠢ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ︾᠂ ︽ᠬᠡᠪ | ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠭᠰᠠᠨ ᠪᠠᠭ᠎ᠠ ᠰᠤᠷᠭᠠᠭᠤᠯᠢ ᠶᠢᠨ ᠣᠨᠴᠠᠯᠢᠭᠲᠤ ᠬᠢᠴᠢᠶᠡᠯ ᠤᠨ ᠪᠠᠶᠢᠭᠤᠯᠤᠯᠲᠠ︾᠂ ︽ᠬᠢᠴᠢᠶᠡᠯ ᠤᠨ ᠪᠠᠶᠢᠭᠤᠯᠤᠯᠲᠠ ᠶᠢ | ᠠᠬᠢᠭᠤᠯᠬᠤ ᠠᠵᠢᠯᠯᠠᠭᠠᠨ ᠤ ᠲᠥᠯᠥᠪᠯᠡᠭᠡ ᠶᠢᠨ ᠲᠤᠬᠠᠢ ᠪᠣᠳᠣᠯᠬᠢᠯᠠᠯ︾ ︽︿ᠥᠪᠡᠷᠲᠡᠭᠡᠨ ᠵᠠᠰᠠᠬᠤ ᠣᠷᠣᠨ ᠤ ᠬᠢᠴᠢᠶᠡᠯ ᠤᠨ ᠵᠢᠭᠠᠨ ᠰᠤᠷᠭᠠᠯᠲᠠ ᠶᠢ ᠦᠨᠡᠯᠡᠨ | ᠵᠢᠯᠣᠭᠤᠳᠬᠤ ᠭᠠᠷ ᠠᠪᠤᠯᠭ᠎ᠠ﹀ ᠶᠢᠨ ᠲᠤᠬᠠᠢ ᠲᠠᠶᠢᠯᠪᠤᠷᠢᠯᠠᠯᠲᠠ︾ ᠭᠡᠬᠦ ᠰᠡᠳᠦᠪ ᠢᠶᠠᠷ ᠲᠠᠶᠢᠯᠤᠮᠵᠢ ᠬᠢᠪᠡ᠃ | ᠰᠤᠷᠤᠯᠴᠠᠯᠭ᠎ᠠ ᠪᠣᠯᠪᠠᠰᠤᠷᠠᠯ ᠤᠨ ᠬᠤᠭᠤᠴᠠᠭᠠᠨ ᠳᠤ᠂ ᠪᠣᠯᠪᠠᠰᠤᠷᠠᠯ ᠳᠤ ᠣᠷᠣᠯᠴᠠᠭᠰᠠᠨ ᠪᠥᠬᠦ ᠰᠤᠷᠭᠠᠭᠤᠯᠢ ᠶᠢᠨ ᠵᠠᠬᠢᠷᠤᠯ ᠲᠠᠪᠤᠨ ᠰᠤᠷᠤᠯᠴᠠᠬᠤ ᠳᠤᠭᠤᠶᠢᠯᠠᠩ | ᠪᠠᠶᠢᠭᠤᠯᠵᠤ᠂ ᠣᠯᠠᠨ ᠵᠦᠢᠯ ᠤᠨ ᠬᠡᠯᠪᠡᠷᠢ ᠪᠠᠷ ᠳᠤᠭᠤᠶᠢᠯᠠᠩ ᠬᠤᠪᠢᠶᠠᠨ ᠶᠠᠷᠢᠯᠴᠠᠬᠤ ᠶᠢ ᠥᠷᠨᠢᠭᠦᠯᠵᠦ᠂ ᠰᠤᠷᠤᠯᠭᠠᠲᠠᠳ ᠬᠢᠴᠢᠶᠡᠯ ᠲᠥᠯᠦᠪᠵᠢᠭᠦᠯᠬᠦ | ᠶᠠᠪᠤᠴᠠ ᠳᠠᠬᠢ ᠲᠥᠭᠡᠷᠢᠭᠳᠡᠯ ᠢᠶᠠᠨ ᠶᠠᠷᠢᠵᠤ᠂ ᠰᠤᠷᠤᠯᠴᠠᠯᠭ᠎ᠠ ᠶᠢᠨ ᠶᠠᠪᠤᠴᠠ ᠳᠤ ᠤᠬᠠᠪᠤᠷᠢᠯᠠᠭᠰᠠᠨ ᠬᠢᠴᠢᠶᠡᠯ ᠤᠨ ᠲᠥᠯᠥᠪᠵᠢᠭᠦᠯᠭᠡ ᠶᠢᠨ ᠲᠤᠬᠠᠢ ᠥᠪᠡᠷ ᠤᠨ | ᠲᠥᠷᠥᠭᠳᠡᠯ ᠢᠶᠠᠨ ᠬᠤᠪᠢᠶᠠᠯᠴᠠᠵᠤ᠂ ᠲᠤᠰᠬᠠᠢ ᠮᠡᠷᠭᠡᠵᠢᠯᠲᠡᠨ ᠤ ᠲᠠᠶᠢᠯᠤᠮᠵᠢ ᠳᠤ ᠳᠤᠷᠠᠳᠤᠭᠰᠠᠨ ᠬᠢᠴᠢᠶᠡᠯ ᠲᠥᠯᠦᠪᠵᠢᠭᠦᠯᠬᠦ ᠠᠷᠭ᠎ᠠ ᠵᠠᠮ ᠪᠠ ᠲᠤᠷᠰᠢᠯᠭ᠎ᠠ ᠲᠠᠢ | ᠤᠶᠠᠯᠳᠤᠭᠤᠯᠤᠨ᠂ ᠡᠯ᠎ᠡ ᠰᠤᠷᠭᠠᠭᠤᠯᠢ ᠶᠢᠨ ᠬᠢᠴᠢᠶᠡᠯ ᠤᠨ ᠲᠥᠯᠥᠪᠵᠢᠭᠦᠯᠭᠡ ᠶᠢ ᠤᠯᠠᠮ ᠨᠢᠭᠡ ᠠᠯᠬᠤᠮ ᠵᠠᠰᠠᠪᠤᠷᠢᠯᠠᠨ ᠲᠡᠭᠦᠯᠳᠡᠷᠵᠢᠭᠦᠯᠵᠦ᠂ ᠣᠯᠠᠨ ᠢᠶᠠᠷ ᠢᠶᠠᠨ | ᠨᠡᠪᠲᠡᠷᠡᠯᠴᠡᠵᠦ᠂ ᠦᠨᠡᠯᠡᠵᠦ᠂ ᠰᠠᠨᠠᠭᠤᠯᠭ᠎ᠠ ᠶᠢ ᠥᠷᠭᠡᠨ ᠢᠶᠠᠷ ᠬᠦᠯᠢᠶᠡᠨ ᠠᠪᠤᠪᠠ᠃ ᠪᠣᠯᠪᠠᠰᠤᠷᠠᠯ ᠳᠤ ᠣᠷᠣᠯᠴᠠᠭᠰᠠᠨ ᠡᠯ᠎ᠡ ᠰᠤᠷᠭᠠᠭᠤᠯᠢ ᠬᠢᠴᠢᠶᠡᠯ ᠤᠨ | ᠲᠥᠯᠥᠪᠵᠢᠭᠦᠯᠭᠡ ᠶᠢᠨ ᠦᠨᠳᠦᠰᠦᠨ ᠬᠡᠪ ᠵᠠᠭᠪᠤᠷ ᠢ ᠲᠥᠰᠦᠪᠯᠡᠬᠦ ᠶᠢ ᠪᠦᠬᠦᠨ ᠢ ᠪᠡᠶᠡᠯᠡᠭᠦᠯᠦᠭᠰᠡᠨ ᠪᠥᠭᠡᠳ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠬᠢᠴᠢᠶᠡᠯ ᠤᠨ | ᠪᠠᠶᠢᠭᠤᠯᠤᠯᠲᠠ ᠶᠢᠨ ᠰᠢᠨ᠎ᠡ ᠲᠥᠯᠥᠪᠵᠢᠭᠦᠯᠭᠡ ᠶᠢ ᠳᠣᠰᠢᠶᠠᠪᠠ᠃ | ᠡᠨᠡ ᠤᠳᠠᠭᠠᠨ ᠤ ᠪᠣᠯᠪᠠᠰᠤᠷᠠᠯ ᠭᠤᠣᠯᠳᠠᠭᠤ ᠦᠢᠯᠡᠳᠦᠯᠭᠡ ᠪᠠᠷ ᠳᠠᠮᠵᠢᠨ ᠰᠤᠷᠤᠯᠴᠠᠬᠤ ᠵᠠᠭᠪᠤᠷ ᠢᠶᠠᠷ ᠭᠤᠣᠯ ᠪᠣᠯᠭᠠᠵᠤ᠂ ᠰᠣᠯᠢᠯᠴᠠᠬᠤ᠂ ᠪᠣᠯᠪᠠᠰᠤᠷᠠᠭᠤᠯᠬᠤ᠂ | ᠳᠡᠭᠡᠭᠰᠢᠯᠡᠭᠦᠯᠬᠦ ᠪᠠᠷ ᠳᠠᠮᠵᠢᠭᠤᠯᠤᠨ᠂ ᠪᠦᠬᠦ ᠣᠷᠣᠨ ᠤ ᠰᠤᠷᠭᠠᠭᠤᠯᠢ ᠶᠢᠨ ᠵᠠᠬᠢᠷᠤᠯ ᠤᠨ ᠬᠢᠴᠢᠶᠡᠯ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠤᠨ | ᠲᠤᠬᠠᠢ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠤᠯᠤᠰ ᠤᠨ ᠬᠢᠴᠢᠶᠡᠯ ᠤᠨ ᠲᠥᠰᠦᠯ ᠢ ᠬᠡᠷᠡᠭᠵᠢᠭᠦᠯᠬᠦ ᠠᠵᠢᠯᠯᠠᠭ᠎ᠠ ᠶᠢ | ᠵᠢᠷᠤᠮᠵᠢᠭᠤᠯᠤᠨ᠂ ᠰᠤᠷᠭᠠᠭᠤᠯᠢ ᠶᠢᠨ ᠬᠢᠴᠢᠶᠡᠯ ᠢ ᠨᠡᠭᠡᠭᠡᠨ ᠬᠥᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠴᠢᠶᠡᠯ ᠤᠨ ᠴᠢᠨᠠᠷ ᠢ ᠦᠨᠡᠨ ᠬᠦ ᠳᠡᠭᠡᠭᠰᠢᠯᠡᠭᠦᠯᠦᠨ᠂ | ᠬᠢᠴᠢᠶᠡᠯ ᠤᠨ ᠤᠳᠤᠷᠢᠳᠬᠤ ᠬᠦᠴᠦᠨ ᠢ ᠪᠦᠲᠦᠮᠵᠢᠲᠡᠢ ᠳᠡᠭᠡᠭᠰᠢᠯᠡᠭᠦᠯᠵᠦ᠂ ᠬᠥᠮᠦᠨ ᠬᠥᠮᠦᠵᠢᠭᠦᠯᠬᠦ ᠠᠷᠭ᠎ᠠ ᠮᠠᠶ᠋ᠢᠭ ᠤᠨ ᠬᠤᠪᠢᠰᠤᠯᠲᠠ ᠶᠢ ᠤᠯᠠᠮ ᠨᠢᠭᠡ ᠠᠯᠬᠤᠮ | ᠠᠬᠢᠭᠤᠯᠤᠨ᠂ ᠭᠤᠣᠯᠯᠠᠬᠤ ᠬᠡᠪ ᠪᠣᠯᠪᠠᠰᠤᠷᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠪᠠᠷ ᠨᠡᠩ ᠶᠡᠭᠡ ᠬᠦᠴᠦᠯᠡᠨ ᠴᠢᠷᠮᠠᠶᠢᠪᠠ᠃ | |