6 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ᠂ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠯᠦᠸᠧ ᠶᠥᠩ | ᠾᠦᠢ ︽ᠵᠠᠭᠤᠨ ᠰᠤᠷᠭᠠᠭᠤᠯᠢ ᠶᠢᠨ ᠠᠶᠠᠯᠠᠯ︾ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠡᠰᠢᠭᠦᠳ ᠢ ᠳᠠᠭᠠᠭᠤᠯᠤᠨ ᠮᠠᠨ ᠤ ᠣᠷᠣᠨ ᠳᠤ ᠢᠷᠡᠵᠦ ᠪᠠᠶᠢᠴᠠᠭᠠᠨ | ᠰᠣᠳᠤᠯᠵᠤ᠂ ᠥᠪᠥᠷ ᠮᠣᠩᠭᠤᠯ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠣᠳᠣᠬᠢ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ ᠳᠠᠷᠠᠭ᠎ᠠ | ᠠᠯᠬᠤᠮ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠠᠷᠠᠭᠤᠨ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷᠯᠢᠭ ᠬᠥᠭᠵᠢᠯᠲᠡ ᠶᠢ ᠬᠠᠮᠲᠤ ᠳᠤ ᠪᠠᠨ | ᠠᠬᠢᠭᠤᠯᠬᠤ ᠲᠤᠬᠠᠢ ᠵᠥᠪᠳᠡᠯᠴᠡᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠶᠠᠩ ᠵᠢᠶᠧ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠲᠠᠢ ᠠᠭᠤᠯᠵᠠᠪᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠭᠡᠰᠢᠭᠦᠨ᠂ ᠰᠤᠷᠭᠠᠨ ᠬᠥᠮᠦᠵᠢᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠶᠡᠷᠦᠩᠬᠡᠢ ᠰᠤᠷᠭᠠᠭᠤᠯᠢ ᠪᠠᠶᠢᠴᠠᠭᠠᠭᠴᠢ ᠵᠦ ᠪᠦᠦ ᠵᠢᠶᠠᠩ ᠲᠤᠰᠬᠠᠢ ᠰᠡᠳᠦᠪᠲᠦ ᠶᠠᠷᠢᠯᠴᠠᠬᠤ ᠬᠤᠷᠠᠯ ᠢ ᠡᠷᠬᠢᠯᠡᠪᠡ᠃ | ᠯᠦᠸᠧ ᠶᠥᠩ ᠾᠦᠢ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ᠪᠠᠭᠰᠢ ᠶᠢᠨ ᠲᠥᠷᠦᠯ ᠤᠨ ᠴᠢᠳᠠᠪᠤᠷᠢᠲᠠᠨ ᠤ ᠠᠵᠢᠯ ᠳᠤ ᠣᠷᠣᠬᠤ ᠠᠴᠠ ᠡᠮᠦᠨᠡᠬᠢ | ᠬᠥᠮᠦᠵᠢᠭᠦᠯᠦᠯ ᠪᠠ ᠠᠵᠢᠯ ᠳᠤ ᠣᠷᠣᠭᠰᠠᠨ ᠤ ᠳᠠᠷᠠᠭᠠᠬᠢ ᠪᠣᠯᠪᠠᠰᠤᠷᠠᠯ᠂ ᠪᠠᠭᠰᠢ ᠶᠢᠨ ᠳᠡᠭᠡᠳᠦ ᠰᠤᠷᠭᠠᠭᠤᠯᠢ ᠶᠢᠨ ᠬᠢᠨ ᠬᠠᠮᠵᠢᠯᠴᠠᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ᠂ ᠬᠢᠯᠢ ᠶᠢᠨ ᠤᠯᠤᠰ ᠤᠨ ᠡᠭᠦᠳᠡᠨ ᠤ ᠰᠤᠷᠭᠠᠭᠤᠯᠢ ᠶᠢᠨ ︽ᠾᠥᠩ ᠵᠦ ᠮᠢᠶᠣᠣ ᠫᠦ᠋︾ ᠶᠢᠨ ᠦᠢᠯᠡᠳᠦᠯᠭᠡ ᠪᠠᠷ ᠬᠥᠮᠦᠨ ᠬᠥᠮᠦᠵᠢᠭᠦᠯᠬᠦ ᠲᠥᠷᠥᠯ | ᠵᠦᠢᠯ ᠵᠡᠷᠭᠡ ᠶᠢ ᠲᠠᠨᠢᠯᠴᠠᠭᠤᠯᠤᠭᠰᠠᠨ ᠤ ᠬᠠᠮᠲᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠠᠭᠠᠰᠢᠲᠠ ᠭᠦᠨᠵᠡᠭᠡᠶᠢᠷᠡᠭᠦᠯᠵᠦ᠂ ᠥᠪᠥᠷ | ᠮᠣᠩᠭᠤᠯ ᠤᠨ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠪᠡ᠃ ᠰᠤᠷᠭᠠᠨ ᠬᠥᠮᠦᠵᠢᠯ ᠤᠨ ᠲᠢᠩᠬᠢᠮ ᠤᠨ ᠬᠤᠯᠪᠣᠭᠳᠠᠬᠤ | ᠭᠠᠵᠠᠷ ᠲᠠᠰᠤᠭ ᠤᠨ ᠬᠠᠷᠢᠭᠤᠴᠠᠯᠭᠠᠲᠠᠨ᠂ ᠰᠤᠷᠭᠠᠭᠤᠯᠢ ᠶᠢᠨ ᠵᠠᠬᠢᠷᠤᠯ ᠤᠨ ᠲᠥᠯᠥᠭᠡᠯᠡᠭᠴᠢ ᠪᠣᠯᠤᠨ ᠱᠠᠨᠰᠢ ᠪᠠᠭᠰᠢ ᠶᠢᠨ ᠶᠡᠭᠡ ᠰᠤᠷᠭᠠᠭᠤᠯᠢ ᠲᠡᠭᠦᠰᠦᠭᠰᠡᠳ ᠤᠨ | ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠬᠤᠶᠠᠷ ᠲᠠᠯ᠎ᠠ ᠪᠠᠷ ᠢᠶᠠᠨ ᠰᠤᠷᠤᠭᠴᠢ ᠡᠯᠰᠡᠬᠦ ᠪᠠ ᠳᠠᠳᠤᠯᠭ᠎ᠠ ᠬᠢᠯᠭᠡᠵᠦ | ᠠᠵᠢᠯ ᠣᠯᠭᠤᠬᠤ ᠠᠷᠭ᠎ᠠ ᠵᠠᠮ ᠢ ᠤᠯᠠᠮ ᠨᠢᠭᠡ ᠠᠯᠬᠤᠮ ᠰᠢᠯᠤᠭᠤᠳᠬᠠᠬᠤ᠂ ᠳᠡᠭᠡᠳᠦ ᠰᠤᠷᠭᠠᠭᠤᠯᠢ ᠬᠤᠷᠰᠢᠶᠠᠯᠠᠨ ᠬᠠᠪᠰᠤᠷᠤᠨ ᠲᠡᠳᠬᠦᠬᠦ ᠪᠠ ᠪᠠᠭᠰᠢ ᠶᠢᠨ | ᠪᠣᠯᠪᠠᠰᠤᠷᠠᠯ ᠢ ᠥᠷᠨᠢᠭᠦᠯᠬᠦ᠂ ᠰᠠᠭᠤᠷᠢ ᠰᠤᠷᠭᠠᠨ ᠬᠥᠮᠦᠵᠢᠯ ᠤᠨ ᠥᠪᠡᠷᠮᠢᠴᠡ ᠣᠨᠴᠠᠯᠢᠭᠲᠤ ᠰᠤᠳᠤᠯᠤᠨ ᠰᠤᠷᠤᠯᠴᠠᠬᠤ ᠶᠢ ᠬᠡᠷᠡᠭᠵᠢᠭᠦᠯᠬᠦ᠂ ᠬᠢᠯᠢ ᠶᠢᠨ ᠤᠯᠤᠰ ᠤᠨ | ᠡᠭᠦᠳᠡᠨ ᠤ ᠰᠤᠷᠭᠠᠭᠤᠯᠢ ᠶᠢᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠪᠠᠷ ᠪᠣᠳᠠᠲᠠᠢ ᠬᠠᠮᠲᠤᠷᠠᠯᠴᠠᠭ᠎ᠠ ᠰᠣᠯᠢᠯᠴᠠᠭ᠎ᠠ ᠥᠷᠨᠢᠭᠦᠯᠪᠡ᠃ | ᠮᠠᠨ ᠤ ᠣᠷᠣᠨ ᠳᠤ ᠪᠠᠶᠢᠴᠠᠭᠠᠨ ᠰᠣᠳᠤᠯᠬᠤ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠬᠥᠬᠡᠬᠤᠲᠠ᠂ ᠪᠠᠶᠠᠨᠨᠠᠭᠤᠷ ᠬᠤᠲᠠ | ᠵᠡᠷᠭᠡ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠣᠳᠤᠯᠵᠤ ᠰᠠᠨᠠᠯ ᠢᠶᠠᠨ ᠰᠣᠯᠢᠯᠴᠠᠨ᠂ ᠰᠤᠷᠭᠠᠭᠤᠯᠢ ᠶᠢᠨ ᠨᠠᠶᠢᠵᠠ ᠪᠠᠨ | ᠪᠣᠯᠭᠤᠭᠠᠨ ᠦᠵᠡᠭᠰᠡᠨ ᠪᠥᠭᠡᠳ ᠱᠠᠨᠰᠢ ᠪᠠᠭᠰᠢ ᠶᠢᠨ ᠶᠡᠭᠡ ᠰᠤᠷᠭᠠᠭᠤᠯᠢ ᠶᠢᠨ ︽ᠴᠢᠨᠠᠷᠯᠢᠭ ᠰᠤᠷᠤᠭᠴᠢ ᠶᠢᠨ ᠢᠷᠡᠯᠲᠡ ᠶᠢᠨ ᠰᠠᠭᠤᠷᠢᠨ︾ ᠪᠠ ᠬᠢᠯᠢ ᠶᠢᠨ | ᠤᠯᠤᠰ ᠤᠨ ᠡᠭᠦᠳᠡᠨ ᠤ ᠰᠤᠷᠭᠠᠭᠤᠯᠢ ᠶᠢᠨ ︽ᠾᠥᠩ ᠵᠦ ᠮᠢᠶᠣᠣ ᠫᠦ᠋︾ ᠳᠤ ᠫᠠᠶᠢᠰᠠ ᠣᠯᠭᠤᠪᠠ᠃ |