ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 76 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/6
    1 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 76 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠵᠢᠴᠢ ᠬᠤᠰᠢᠭᠤᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 8 ᠳ᠋ᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠪᠣᠯᠤᠨ ᠬᠦᠢᠳᠡᠨ ᠭᠠᠮᠰᠢᠭ ᠵᠡᠷᠭᠡ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠠᠴᠠ ᠤᠷᠤᠭᠰᠢᠯᠠᠯᠲᠠ ᠶᠢᠨ ᠬᠦᠴᠦᠨ ᠢ ᠰᠢᠩᠭᠡᠭᠡᠨ ᠠᠪᠴᠤ᠂ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠬᠦᠢᠳᠡᠨ ᠠᠭᠤᠷ ᠠᠮᠢᠰᠬᠤᠯ ᠪᠣᠷᠣᠭᠠᠨ ᠴᠠᠰᠤ ᠮᠥᠰᠥᠲᠦᠯᠭᠡ ᠶᠢᠨ ᠭᠠᠮᠰᠢᠭ ᠢ ᠰᠡᠷᠭᠡᠶᠢᠯᠡᠨ ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠷᠢᠨ ᠪᠣᠳᠠᠲᠠᠢ ᠠᠳᠬᠤᠵᠤ᠂ ᠡᠯ᠎ᠡ ᠲᠦᠷᠦᠯ ᠤᠨ ᠭᠡᠨᠡᠳᠲᠡ ᠶᠢᠨ ᠠᠶᠤᠯ ᠲᠦᠭᠰᠢᠭᠦᠷᠢ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ ᠴᠢᠩᠭᠠᠳᠬᠠᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠣᠷᠴᠣᠨ ᠤ ᠪᠣᠬᠢᠷᠲᠤᠯ ᠥᠬᠡᠶ ᠡᠷᠳᠡᠨᠢ ᠶᠢ ᠡᠷᠡᠰ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ᠃    ᠬᠤᠷᠠᠯ ᠠᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ︽ᠰᠢᠨ᠎ᠡ ᠴᠠᠭ ᠦᠶ᠎ᠡ ᠶᠢᠨ ᠬᠠᠲᠠᠭᠤ ᠶᠣᠰᠣ︾ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠴᠢᠨᠠᠷ ᠰᠠᠶᠢᠲᠠᠶ ᠰᠠᠶᠢᠲᠤᠷ ᠬᠢᠬᠦ ᠶᠢᠨ ᠲᠣᠭᠤᠷᠢᠨ ᠳᠤ ︽ᠲᠠᠪᠤᠨ ᠵᠢᠱᠢᠶ᠎ᠡ ᠦᠵᠡᠭᠦᠯᠬᠦ︾ ᠠᠵᠢᠯ ᠤᠨ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃    ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠵᠢᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠯᠪᠠᠨ ᠭᠡᠷ ᠤᠨ ᠠᠵᠢᠯ ᠤᠨ ᠨᠠᠷᠢᠨ ᠳᠦᠷᠢᠮ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠭᠠᠯ ᠤᠳ ᠢ ᠰᠤᠷᠤᠯᠴᠠᠵᠤ᠂ ᠡᠯ᠎ᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠰᠤᠷᠭᠠᠭᠤᠯᠢ᠂ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃
ᠢᠷᠡᠯᠲᠡ᠄ ᠲᠣᠲᠣᠷᠬᠠᠢ ᠦᠭᠡᠢ