| 1 ᠳ᠋ᠦ᠋ᠭᠡᠷ ᠰᠠᠷ᠎ᠠ ᠶᠢᠨ 8 ᠤ ᠡᠳᠦᠷ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠬᠤᠷᠠᠯ ᠬᠤᠷᠠᠯᠳᠤᠵᠤ᠂ ᠳ᠋ᠠᠢ ᠰᠢ ᠶᠤᠸᠠᠨ᠂ ᠶᠠᠩ ᠰᠢᠤᠢ ᠱᠧᠩ᠂ | ᠦ᠋ ᠶᠢᠩ ᠵᠢᠶᠦ᠋ᠨ᠂ ᠶᠢᠨ ᠱᠤᠤ ᠬᠤᠢ᠂ ᠣᠣ ᠯᠢ ᠬᠤᠷᠠᠯ ᠳᠤ ᠣᠷᠣᠯᠴᠠᠵᠤ᠂ ᠵᠠᠩ ᠿᠢ ᠪᠥᠸᠧ᠂ ᠬᠤ᠋ ᠰᠢᠤ ᠴᠧᠨ ᠵᠢᠴᠢ ᠰᠢᠭᠦᠬᠦ ᠬᠤᠷᠢᠶ᠎ᠠ ᠪᠠᠶᠢᠴᠠᠭᠠᠬᠤ | ᠬᠤᠷᠢᠶᠠᠨ ᠤ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠳ᠋ᠠᠢ ᠰᠢ ᠶᠤᠸᠠᠨ ᠤ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠴᠤ᠂ ᠠ ᠵᠢᠶᠠᠩ ᠳ᠋ᠠ ᠪᠢᠩ ᠢ ᠬᠥᠯᠥᠨ ᠪᠤᠶᠢᠷ ᠬᠤᠳᠠ ᠶᠢᠨ ᠲᠠᠪᠤᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠨᠥᠬᠦᠨ ᠰᠣᠩᠭᠤᠪᠠ᠃ |