ᠮᠠᠨ ᠤ ᠬᠤᠰᠢᠭᠤᠨ ᠤ ᠠᠵᠢᠯᠯᠠᠬᠤ ᠳᠤᠭᠤᠶᠢᠯᠠᠩ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/11/6
20240108093431792t0gh8l.jpg
    ᠣᠶᠢᠷ᠎ᠠ ᠳᠤ᠂ ᠮᠠᠨ ᠤ ᠬᠤᠰᠢᠭᠤᠨ ᠤ ᠠᠵᠢᠯᠯᠠᠬᠤ ᠳᠤᠭᠤᠶᠢᠯᠠᠩ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠡᠷᠦᠬᠡ ᠳᠤ ᠣᠷᠣᠵᠤ ᠳᠠᠩᠰᠠᠯᠠᠬᠤ ᠠᠵᠢᠯ ᠢ ᠪᠠᠶᠢᠴᠠᠭᠠᠨ ᠵᠢᠯᠣᠭᠤᠳᠪᠠ᠃    ᠠᠵᠢᠯᠯᠠᠬᠤ ᠳᠤᠭᠤᠶᠢᠯᠠᠩ ᠬᠡᠰᠡᠭ ᠬᠤᠳᠠᠯᠳᠤᠭᠠᠨ ᠤ ᠡᠷᠦᠬᠡ ᠳᠤ ᠣᠷᠣᠵᠤ᠂ ︽ᠲᠠᠪᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾ ᠶᠢᠨ ᠡᠷᠦᠬᠡ ᠳᠤ ᠣᠷᠣᠵᠤ ᠳᠡᠩᠰᠡᠯᠡᠨ ᠲᠡᠮᠳᠡᠭᠯᠡᠭᠰᠡᠨ ᠵᠢᠴᠢ ᠬᠤᠳᠠᠯᠳᠤᠭᠠᠨ ᠤ ᠡᠷᠦᠬᠡ ᠶᠢᠨ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤ ᠨᠡᠶᠢᠳᠡᠮ ᠪᠠᠶᠢᠴᠠᠭᠠᠯᠲᠠ ᠶᠢᠨ ᠮᠠᠲ᠋ᠧᠷᠢᠶᠠᠯ ᠢ ᠲᠠᠭᠯᠠᠨ ᠪᠢᠴᠢᠬᠦ ᠵᠢᠴᠢ ᠪᠠᠶᠢᠴᠠᠭᠠᠬᠤ ᠭᠦᠢᠴᠡᠳᠬᠡᠯ ᠲᠤᠭ᠎ᠠ ᠵᠡᠷᠭᠡ ᠶᠢᠨ ᠲᠤᠬᠠᠶ ᠠᠰᠠᠭᠤᠯᠲᠠ ᠳᠤᠷᠠᠳᠪᠠ᠃    ᠠᠵᠢᠯᠯᠠᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠳᠤ ᠥᠷᠨᠢᠭᠦᠯᠦᠭᠰᠡᠨ ᠨᠢᠭᠡ ᠤᠳᠠᠭᠠᠨ ᠤ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠪᠣᠯᠤᠨ᠎ᠠ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠢᠭᠰᠡᠨ ᠨᠢᠭᠡ ᠤᠳᠠᠭᠠᠨ ᠤ ︽ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ︾ ᠪᠠ ︽ᠲᠥᠪᠯᠡᠷᠡᠭᠦᠯᠦᠨ ᠪᠦᠷᠢᠳᠬᠡᠬᠦ︾ ᠶᠠᠪᠤᠳᠠᠯ ᠪᠣᠯᠤᠨ᠎ᠠ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠵᠢᠴᠢ ᠪᠥᠬᠦ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ᠂ ᠡᠭᠦᠷᠭᠡ ᠪᠠᠨ ᠴᠢᠩᠭ᠎ᠠ ᠠᠩᠬᠠᠷᠴᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠬᠤ᠂ ᠠᠷᠠᠳ ᠤᠨ ᠲᠥᠯᠥᠭᠡ ᠨᠡᠶᠢᠳᠡᠮ ᠪᠠᠶᠢᠴᠠᠭᠠᠬᠤ ᠶᠢ ᠪᠠᠷᠢᠮᠲᠠᠯᠠᠨ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠥᠨᠳᠥᠷ ᠪᠦᠲᠦᠮᠵᠢᠲᠡᠶ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨᠵᠢᠯᠡᠬᠦ ᠤᠬᠠᠭᠠᠨᠴᠢ ᠣᠨᠣᠪᠴᠢᠲᠠᠶ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃    ᠸᠠᠩ ᠴᠢ ᠠᠩᠭᠢ ᠳᠠᠭᠠᠭᠤᠯᠪᠠ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ