ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/11/6
    1 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠪᠠᠶᠢᠴᠠᠭᠠᠬᠤ ᠳᠤᠭᠤᠶᠢᠯᠠᠩ ᠵᠣᠬᠢᠶᠠᠨ ᠪᠠᠶᠢᠭᠤᠯᠵᠤ᠂ ᠠᠶᠤᠯᠭᠦᠶ ᠦᠢᠯᠡᠳᠪᠦᠷᠢᠯᠡᠯ ᠤᠨ ᠭᠤᠤᠯᠳᠠᠯᠭ᠎ᠠ ᠲᠠᠢ ᠠᠵᠤ ᠠᠬᠤᠶᠢᠯᠠᠯ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠲᠤ ᠠᠶᠤᠯᠭᠦᠶ ᠦᠶ᠋ᠯᠡᠳᠪᠦᠷᠢᠯᠡᠯ ᠤᠨ ᠶᠡᠭᠡ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠲᠣᠰᠣ ᠨᠡᠮᠡᠬᠦ ᠥᠷᠲᠡᠭᠡ᠂ ᠵᠣᠴᠢᠳ ᠤᠨ ᠪᠠᠭᠤᠳᠠᠯ᠂ ᠬᠡᠲᠦ ᠳᠡᠯᠭᠡᠭᠦᠷ ᠵᠡᠷᠭᠡ ᠡᠵᠡᠩᠨᠡᠯᠲᠡ ᠶᠢᠨ ᠲᠠᠯᠠᠪᠤᠷ ᠲᠤ ᠬᠦᠷᠴᠦ᠂ ᠠᠶᠤᠯᠭᠦᠶ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠲᠠᠷᠬᠠᠭᠠᠬᠤ ᠵᠠᠮ ᠨᠢ ᠰᠠᠭᠠᠳ ᠥᠬᠡᠶ ᠨᠡᠪᠲᠡᠷᠡᠬᠦ ᠡᠰᠡᠬᠦ᠂ ᠪᠠᠴᠢᠮ ᠪᠠᠶᠢᠳᠠᠯ ᠢ ᠠᠷᠭᠠᠴᠠᠬᠤ ᠳ᠋ᠧᠩ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠵᠤ ᠪᠠᠶᠢᠬᠤ ᠡᠰᠡᠬᠦ᠂ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠭᠦᠢᠴᠡᠳ ᠪᠠᠶᠢᠬᠤ ᠡᠰᠡᠬᠦ᠂ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠡᠰᠡᠬᠦ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠨᠢᠭᠡᠳ ᠨᠢᠭᠡ ᠪᠠᠷ ᠵᠢᠭᠰᠠᠭᠠᠨ ᠪᠠᠶᠢᠴᠠᠭᠠᠬᠤ ᠶᠢᠨ ᠬᠠᠮᠲᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠤᠷ ᠲᠤᠨᠢ ᠵᠢᠭᠠᠨ ᠵᠢᠯᠣᠭᠤᠳᠴᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠠᠶᠤᠯ ᠥᠬᠡᠶ ᠦᠢᠯᠡᠳᠪᠦᠷᠢᠯᠡᠯ ᠤᠨ ᠦᠵᠡᠯ ᠤᠬᠠᠮᠰᠠᠷ ᠢ ᠪᠣᠶ ᠪᠣᠯᠭᠠᠵᠤ᠂ ᠠᠮᠤᠷ ᠲᠦᠪᠰᠢᠨ ᠤ ᠳᠠᠯᠳᠠ ᠬᠡᠮ ᠢ ᠠᠷᠢᠯᠭᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃    ᠸᠠᠩ ᠴᠢ᠂ ᠱᠤᠤ ᠿᠢ ᠮᠢᠨ ᠪᠦᠯᠬᠦᠮ ᠳᠠᠭᠠᠭᠤᠯᠤᠨ᠃       
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ