ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠬᠢᠨᠠᠨ ᠰᠢᠯᠭᠠᠬᠤ ᠭᠦᠶ᠋ᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/6
202401080932099560x7nb7.jpg
    1 ᠰᠠᠷ᠎ᠠ ᠶᠢᠨ 5 ᠤ ᠡᠳᠦᠷ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠬᠢᠨᠠᠨ ᠰᠢᠯᠭᠠᠬᠤ ᠭᠦᠶ᠋ᠴᠡᠳᠬᠡᠯ ᠲᠤᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠨᠢᠭᠡᠴᠢ ᠶᠢᠨ ᠭᠤᠤᠯᠳᠠᠯᠭ᠎ᠠ ᠲᠠᠢ ᠬᠦᠴᠦᠨ ᠵᠦᠶ᠋ᠯ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠤᠴᠣᠷᠤᠩᠭᠤᠶ ᠰᠢᠯᠲᠠᠭᠠᠨ ᠢ ᠵᠠᠳᠠᠯᠬᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠣᠨᠣᠰᠴᠤ᠂ 12 ᠰᠠᠷ᠎ᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠢᠨᠠᠨ ᠰᠢᠯᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠢᠨᠠᠨ ᠰᠢᠯᠭᠠᠬᠤ ᠠᠵᠢᠯ ᠢ ᠴᠢᠬᠤᠯᠠᠴᠢᠯᠠᠬᠤ ᠬᠡᠮᠵᠢᠶ᠎ᠡ ᠪᠠᠨ ᠳᠡᠭᠡᠭᠰᠢᠯᠡᠭᠦᠯᠵᠦ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠴᠤᠭᠯᠠᠭᠤᠯᠬᠤ ᠠᠷᠭ᠎ᠠ ᠵᠠᠮ ᠢᠶᠠᠨ ᠥᠷᠭᠡᠳᠬᠡᠵᠦ᠂ ᠨᠡᠩ ᠶᠡᠭᠡ ᠡᠷᠡᠰ ᠵᠣᠷᠢᠭ᠂ ᠨᠡᠩ ᠴᠢᠩᠭ᠎ᠠ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠬᠢᠨᠠᠨ ᠰᠢᠯᠭᠠᠵᠤ᠂ ᠥᠨᠳᠥᠷ ᠪᠦᠲᠦᠮᠵᠢᠲᠡᠢ ᠳᠥᠭᠦᠮ ᠳᠥᠲᠡ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠲᠤᠬᠢᠷᠠᠭᠤᠯᠤᠯᠳᠠ ᠪᠠᠨ ᠴᠢᠨᠠᠭᠰᠢᠳᠠ ᠴᠢᠩᠭᠠᠳᠬᠠᠵᠤ᠂ 2024 ᠣᠨ ᠤ ᠠᠵᠢᠯ ᠢᠶᠠᠨ ᠨᠠᠷᠢᠨ ᠨᠢᠮᠪᠠᠢ ᠲᠥᠯᠥᠪᠵᠢᠭᠦᠯᠵᠦ᠂ ᠭᠤᠣᠯᠳᠠᠯᠭ᠎ᠠ ᠶᠢ ᠳᠤᠪᠤᠶᠢᠯᠭᠠᠵᠤ᠂ ᠣᠨᠴᠠᠯᠢᠭ ᠢ ᠡᠵᠡᠮᠳᠡᠵᠦ᠂ ᠬᠢᠯᠠᠰ ᠴᠡᠭ ᠢ ᠪᠦᠷᠢᠯᠳᠦᠭᠦᠯᠵᠦ᠂ ᠡᠪᠡᠷᠰᠢᠶᠡᠯ ᠢ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠡᠯᠧᠮᠧᠨ᠋ᠲ ᠤᠨ ᠪᠠᠲᠤᠯᠠᠭ᠎ᠠ᠂ ᠬᠠᠤᠯᠢᠵᠢᠯ ᠤᠨ ᠣᠷᠴᠢᠨ ᠲᠣᠭᠤᠷᠢᠨ ᠵᠡᠷᠭᠡ ᠲᠠᠯ᠎ᠠ ᠠᠴᠠ ᠡᠭᠦᠰᠴᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠥᠭᠦᠮᠴᠢᠯᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ 2024 ᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠠᠵᠢᠯ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃    ᠸᠠᠩ ᠴᠢ᠂ ᠵᠠᠩ ᠿᠢ ᠪᠥᠸᠧ᠂ ᠱᠤᠤ ᠿᠢ ᠮᠢᠨ ᠬᠤᠷᠠᠯ ᠳᠤ ᠣᠷᠣᠯᠴᠠᠵᠠᠢ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ