2024 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/6
    1 ᠰᠠᠷ᠎ᠠ ᠶᠢᠨ 3 ᠤ ᠡᠳᠦᠷ᠂ 2024 ᠣᠨ ᠤ ᠬᠤᠰᠢᠭᠤᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠢᠨ ᠬᠤᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠬᠢᠯᠢ ᠶᠢᠨ ᠬᠠᠮᠢᠶᠠᠷᠤᠯᠲᠠ ᠡᠵᠡᠮᠳᠡᠯ ᠪᠠ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ ᠶᠢᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠲᠠ ᠶᠢᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠾᠧ ᠰᠢᠤᠸᠠᠢ ᠭᠤᠸᠠᠩ ᠮᠠᠨ ᠤ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠪᠠᠶᠢᠭᠤᠯᠤᠯᠲᠠ᠂ ᠪᠡᠯᠡᠳᠬᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠠᠵᠢᠯ ᠤᠨ ᠰᠠᠨᠠᠯ ᠢᠶᠠᠨ ᠳᠤᠷᠠᠳᠴᠤ᠂ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ︔ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠨᠢᠦ ᠰᠥᠩ ᠴᠢᠤᠸᠠᠨ ᠪᠥᠬᠦ ᠵᠢᠯ ᠤᠨ ᠵᠡᠪᠰᠡᠭᠲᠦ ᠬᠦᠴᠦᠨ ᠤ ᠠᠵᠢᠯ ᠢᠶᠠᠨ ᠳ᠋ᠦᠩᠨᠡᠵᠦ᠂ 2024 ᠣᠨ ᠤ ᠵᠡᠪᠰᠡᠭᠲᠦ ᠬᠦᠴᠦᠨ ᠤ ᠠᠵᠢᠯ ᠢ ᠪᠠᠶᠢᠷᠢᠯᠠᠭᠤᠯᠪᠠ︔ ᠳ᠋ᠠ ᠶᠠᠩ ᠱᠤ᠋ ᠪᠠᠯᠭᠠᠰᠤ᠂ ᠢ ᠯᠢ ᠪᠠᠯᠭᠠᠰᠤ ᠲᠤᠬᠠᠶ ᠶᠢᠨ ᠲᠠᠯᠠᠪᠠᠶ ᠳᠤ ᠲᠤᠰᠢᠶᠠᠯ ᠤᠨ ᠮᠡᠳᠡᠭᠦᠯᠦᠯᠲᠡ ᠬᠢᠵᠦ᠂ ᠪᠤᠰᠤᠳ ᠰᠢᠶᠠᠩ ᠪᠠᠯᠭᠠᠰᠤ ᠪᠢᠴᠢᠭ ᠤᠨ ᠬᠡᠯᠪᠡᠷᠢ ᠶᠢᠨ ᠲᠤᠰᠢᠶᠠᠯ ᠤᠨ ᠮᠡᠳᠡᠭᠦᠯᠦᠯᠲᠡ ᠳᠡᠪᠰᠢᠭᠦᠯᠪᠡ᠃ ᠬᠤᠷᠠᠯ ᠠᠴᠠ᠂ 2023 ᠣᠨ ᠳᠤ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠪᠠ᠃ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠬᠤᠰᠢᠭᠤᠨ ᠳᠤ ᠰᠠᠭᠤᠭ᠎ᠠ ᠴᠡᠷᠢᠭ ᠠᠩᠭᠢ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ᠂ ᠴᠡᠷᠢᠭ ᠪᠣᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠴᠢᠩᠭᠠᠳᠬᠠᠬᠤ ᠶᠢᠨ ᠬᠠᠮᠲᠤ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠳᠤ ᠢᠳᠡᠪᠬᠢᠲᠡᠶ ᠣᠷᠣᠯᠴᠠᠵᠤ᠂ ᠲᠣᠭᠲᠠᠭᠤᠨ ᠢ ᠬᠠᠮᠠᠭᠠᠯᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠤᠯᠤᠰ ᠲᠥᠷᠥ ᠪᠠᠷ ᠴᠡᠷᠢᠭ ᠪᠠᠶᠢᠭᠤᠯᠬᠤ ᠶᠢ ᠢᠮᠠᠭᠲᠠ ᠪᠠᠷᠢᠮᠲᠠᠯᠠᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤᠯᠠᠬᠤ ᠬᠡᠷᠡᠭᠲᠡᠶ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠡᠷᠦᠭᠡ ᠶᠢᠨ ᠴᠡᠷᠢᠭ ᠤᠨ ᠪᠦᠳᠦᠭᠡᠨ ᠪᠠᠶᠢᠭᠤᠯᠤᠯᠲᠠ ᠳᠤ ᠨᠡᠩ ᠶᠡᠭᠡ ᠬᠦᠴᠦ ᠣᠷᠣᠭᠤᠯᠵᠤ᠂ ᠴᠡᠷᠢᠭ ᠡᠯᠰᠡᠬᠦ ᠳᠡᠭᠡᠷ᠎ᠡ ᠨᠡᠩ ᠶᠡᠭᠡ ᠬᠦᠴᠦ ᠣᠷᠣᠭᠤᠯᠵᠤ᠂ ᠴᠡᠷᠢᠭ ᠤᠨ ᠶᠠᠪᠤᠳᠠᠯ ᠤᠨ ᠲᠡᠮᠡᠴᠡᠯ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠡᠯᠡᠳᠬᠡᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠥᠷᠭᠡᠳᠬᠡᠨ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠪᠣᠳᠠᠲᠠᠶᠢᠵᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠵᠦ᠂ ᠴᠡᠷᠢᠭ ᠠᠩᠭᠢ ᠪᠠ ᠣᠷᠣᠨ ᠨᠤᠲᠤᠭ ᠬᠤᠯᠪᠣᠭᠠᠯᠠᠨ ᠬᠥᠳᠡᠯᠦᠯᠴᠡᠵᠦ ᠬᠠᠮᠵᠢᠯᠴᠠᠬᠤ ᠬᠦᠴᠦᠷᠬᠡᠭ ᠶᠡᠭᠡ ᠬᠠᠮᠲᠤᠷᠠᠯ ᠬᠦᠴᠦᠨ ᠢᠶᠠᠷ ᠮᠠᠨ ᠤ ᠬᠤᠰᠢᠭᠤᠨ ᠤ ᠵᠡᠪᠰᠡᠭᠲᠦ ᠬᠦᠴᠦᠨ ᠤ ᠠᠵᠢᠯ ᠢ ᠲᠠᠰᠤᠷᠠᠯᠲᠠ ᠥᠬᠡᠶ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃
ᠢᠷᠡᠯᠲᠡ᠄ ᠲᠣᠲᠣᠷᠬᠠᠢ ᠦᠭᠡᠢ