2024 ᠣᠨ ᠤ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠩᠬᠠᠳᠤᠭᠠᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠵᠢᠴᠢ ᠪᠥᠬᠦ ᠬᠤᠰᠢᠭᠤᠨ ᠤ ᠭᠤᠤᠯᠳᠠᠯᠭ᠎ᠠ ᠲᠠᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/11/6
20240105092614656l8mb5a.jpg
    1 ᠳ᠋ᠦ᠋ᠭᠡᠷ ᠰᠠᠷ᠎ᠠ ᠶᠢᠨ 3 ᠤ ᠡᠳᠦᠷ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠠᠩᠬᠠᠳᠤᠭᠠᠷ ᠤᠳᠠᠭᠠᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠵᠢᠴᠢ ᠪᠥᠬᠦ ᠬᠤᠰᠢᠭᠤᠨ ᠤ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ 2023 ᠣᠨ ᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠤᠰᠢᠭᠤᠨ ᠲᠠᠰ ᠤᠨ ᠵᠠᠬᠢᠳᠠᠯ ᠰᠤᠷᠪᠤᠯᠵᠢᠯᠠᠭ᠎ᠠ ᠶᠢᠨ ᠨᠥᠭᠡᠴᠡ ᠪᠠᠯᠠ ᠮᠥᠩᠭᠦ ᠶᠢ ᠬᠡᠷᠡᠭᠯᠡᠬᠦ ᠶᠠᠪᠤᠳᠠᠯ ᠢ ᠬᠢᠨᠠᠨ ᠵᠥᠪᠯᠡᠵᠦ᠂ ᠣᠳᠣᠬᠠᠨ ᠤ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠵᠠᠳᠠᠯᠵᠤ᠂ ᠲᠠᠷᠠᠭᠠᠴᠢ ᠶᠢᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠾᠧ ᠰᠢᠤᠸᠠᠢ ᠭᠤᠸᠠᠩ ᠬᠤᠷᠠᠯ ᠢ ᠡᠷᠭᠢᠯᠡᠪᠡ᠃    ᠬᠤᠷᠠᠯ ᠠᠴᠠ᠂ ᠲᠣᠭᠲᠠᠭᠤᠨ ᠪᠠᠶᠢᠬᠤ ᠪᠣᠯ ᠠᠯᠢᠪᠠ ᠠᠵᠢᠯ ᠤᠨ ᠤᠷᠢᠲᠠᠯ ᠮᠥᠨ᠂ ᠪᠠᠰᠠ ᠴᠤ ᠲᠦᠷᠦ ᠪᠠᠷᠢᠬᠤ ᠴᠢᠳᠠᠪᠤᠷᠢ ᠶᠢ ᠰᠢᠯᠭᠠᠬᠤ ᠬᠠᠮᠤᠭ ᠤᠨ ᠰᠠᠶᠢᠨ ᠢᠯᠡᠷᠡᠯ ᠮᠥᠨ᠃ 2023 ᠣᠨ ᠳᠤ᠂ ᠪᠦᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ᠂ ᠰᠢᠨ᠎ᠡ ᠳᠦᠷᠢᠮ ᠢ ᠨᠠᠶᠢᠳᠠᠪᠤᠷᠢᠵᠢᠭᠤᠯᠬᠤ᠂ ᠰᠢᠨ᠎ᠡ ᠪᠠᠶᠢᠳᠠᠯ ᠢ ᠡᠭᠦᠳᠬᠦ ᠡᠨᠡᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ ᠤᠨ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠪᠠᠶᠢᠭᠤᠯᠭ᠎ᠠ ᠶᠢᠨ ᠤᠯᠤᠰ ᠲᠦᠷᠦ ᠶᠢᠨ ᠪᠠᠶᠢᠭᠤᠯᠤᠯᠲᠠ᠂ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠬᠦᠴᠦᠯᠡᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠬᠦ ᠶᠢ ᠪᠠᠶᠢᠩᠭᠤᠵᠢᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠵᠢᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠳᠦᠷᠢᠮ ᠤᠨ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠴᠢᠷᠮᠠᠶᠢᠨ ᠪᠠᠶᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃    ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠨᠢᠭᠡ ᠵᠢᠯ ᠳᠤ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠠᠷᠠᠳ ᠲᠦᠮᠡᠨ ᠢᠶᠠᠷ ᠭᠤᠤᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠷᠭ᠎ᠠ ᠪᠦᠬᠦᠨ ᠢ ᠰᠦᠪᠡᠭᠴᠢᠯᠡᠨ ᠣᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠢᠢᠳᠪᠦᠷᠢᠯᠡᠬᠦ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠦᠨᠡᠨ ᠬᠦ ᠣᠯᠠᠨ ᠲᠦᠮᠡᠨ ᠤ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃ ᠡᠯ᠎ᠡ ᠲᠥᠷᠥᠯ ᠤᠨ ᠳᠠᠷᠤᠭᠳᠠᠮᠠᠯ ᠬᠡᠷᠡᠭ ᠢ ᠠᠷᠢᠯᠭᠠᠬᠤ ᠶᠢ ᠦᠷᠭᠦᠯᠵᠢᠯᠡᠨ ᠠᠬᠢᠭᠤᠯᠵᠤ᠂ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠴᠢᠬᠤᠯᠠ ᠵᠦᠢᠯᠡᠰ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠡᠶ᠎ᠡ ᠪᠠᠷ ᠢᠶᠠᠨ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠤᠳᠤᠷᠢᠳᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠶᠠᠭᠠᠬᠢᠭᠰᠠᠨ ᠴᠤ ᠭᠠᠷ ᠰᠠᠵᠢᠨ ᠵᠠᠩᠭᠤᠶᠢᠳᠠ ᠪᠤᠯᠵᠤ ᠪᠣᠯᠬᠤ ᠦᠭᠡᠢ᠂ ᠠᠯᠤᠰ ᠠᠴᠠ ᠡᠵᠡᠮᠳᠡᠬᠦ ᠵᠢᠯᠤᠭᠤᠳᠤᠯᠭ᠎ᠠ ᠬᠢᠵᠦ᠂ ᠬᠡᠷᠡᠭ ᠢ ᠨᠢᠭᠡ ᠶᠢ ᠰᠢᠢᠳᠪᠦᠷᠢᠯᠡᠪᠡᠯ ᠨᠢᠭᠡ ᠶᠢ ᠠᠷᠢᠯᠭᠠᠵᠤ᠂ ᠨᠢᠭᠡ ᠵᠦᠢᠯ ᠤᠨ ᠲᠣᠭᠲᠠᠭᠤᠨ ᠪᠤᠰᠤ ᠤᠴᠢᠷ ᠶᠠᠪᠤᠳᠠᠯ ᠢ ᠨᠢᠭᠡ ᠶᠢ ᠢᠯᠡᠷᠡᠭᠦᠯᠪᠡᠯ ᠨᠢᠭᠡ ᠶᠢ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠰᠢᠭᠤ ᠰᠢᠶᠠᠩ ᠬᠤᠶᠠᠷ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠠᠯᠪᠠᠨ ᠬᠡᠷ ᠨᠢ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠭᠠᠵᠠᠷ ᠣᠷᠣᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ ᠨᠦᠭᠦᠳ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠰᠢᠶ᠋ᠳᠪᠦᠷᠢᠯᠡᠬᠦ ᠶᠢ ᠠᠬᠢᠭᠤᠯᠬᠤ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠶ᠃       
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ