| 1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ 2024 ᠣᠨ ᠤ ᠬᠤᠰᠢᠭᠤᠨ ᠤ ᠨᠠᠮ ᠤᠨ ᠬᠤᠷᠢᠶᠠᠨ ᠤ | ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠠᠩᠬᠠᠳᠤᠭᠠᠷ ᠤᠳᠠᠭᠠᠨ ᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ︽ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠱᠠᠰᠢᠨ ᠰᠤᠷᠲᠠᠬᠤᠨ ᠤ | ᠠᠵᠢᠯ ᠤᠨ ᠲᠤᠬᠠᠶ ᠴᠢᠬᠤᠯᠠ ᠥᠭᠦᠯᠡᠯᠲᠡ︾ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ ᠨᠢ ︽ᠭᠤᠷᠪᠠᠨ ᠴᠥᠭᠡᠨ ᠲᠣᠭᠠᠲᠤ ᠦᠨᠳᠦᠰᠦᠲᠡᠨ︾ ᠤ ᠥᠪᠡᠷᠲᠡᠭᠡᠨ ᠵᠠᠰᠠᠬᠤ ᠬᠤᠰᠢᠭᠤᠨ ᠤ | ᠨᠢᠭᠡ ᠪᠣᠯᠤᠭᠰᠠᠨ ᠤ ᠬᠤᠪᠢ ᠳᠤ᠂ ᠨᠠᠢᠮᠠᠳᠤᠭᠠᠷ ᠪᠦᠯᠦᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ | ᠡᠷᠬᠡᠪᠰᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ | ᠱᠤᠭᠤᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠤᠯ ᠱᠤᠭᠤᠮ ᠮᠥᠨ︾ ᠭᠡᠬᠦ ᠭᠦᠨᠵᠡᠭᠡᠶ ᠠᠭᠤᠯᠤᠭᠳᠠᠬᠤᠨ ᠢ | ᠣᠨᠣᠪᠴᠢᠲᠠᠶ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠯ᠎ᠡ ᠵᠦᠢᠯ ᠤᠨ ᠠᠵᠢᠯ ᠤᠨ ᠳᠤᠮᠳᠠ | ᠡᠮᠦᠨ᠎ᠡ ᠨᠢ ᠬᠤᠰᠢᠭᠤᠷᠠᠵᠤ᠂ ᠥᠯᠢᠭᠡᠷ ᠳᠠᠭᠤᠷᠢᠶᠠᠯ ᠪᠣᠯᠬᠤ ᠬᠡᠷᠡᠭᠲᠡᠶ᠃ | ᠬᠤᠷᠠᠯ ᠠᠴᠠ᠂ ᠨᠠᠮ ᠤᠨ ᠦᠨᠳᠦᠰᠦᠲᠡᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ | ᠤᠬᠠᠮᠰᠠᠷ︾ ᠢ ᠦᠨᠡᠨ ᠬᠦ ᠪᠠᠲᠤ ᠪᠤᠢ ᠪᠣᠯᠭᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠶᠢ ᠦᠨᠳᠦᠰᠦᠲᠡᠨ ᠤ | ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ | ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠪᠠᠶᠢᠩᠭᠤ ᠶᠢᠨ ᠰᠤᠷᠭᠠᠨ ᠬᠥᠮᠦᠵᠢᠯ ᠤᠨ ᠲᠣᠭᠲᠠᠴᠠ ᠶᠢ ᠪᠠᠶᠢᠭᠤᠯᠤᠨ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠲᠤᠬᠠᠶ ᠳᠡᠭᠡᠳᠦ ᠬᠡᠮᠵᠢᠶᠡᠨ ᠤ ᠮᠡᠳᠡᠷᠡᠮᠵᠢ ᠶᠢ ᠪᠠᠲᠤᠳᠬᠠᠬᠤ ᠶᠢ ᠠᠬᠢᠭᠤᠯᠬᠤ ᠬᠡᠷᠡᠭᠲᠡᠶ᠃ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ | ᠱᠤᠭᠤᠮ ᠢ ᠬᠤᠲᠠ ᠶᠢᠨ ᠨᠠᠮ ᠤᠨ ᠬᠤᠷᠢᠶ᠎ᠠ ᠠᠴᠠ ᠣᠷᠴᠣᠨ ᠳᠤ ᠲᠣᠭᠲᠠᠭᠠᠭᠰᠠᠨ ︽ᠲᠠᠪᠤᠨ ᠵᠢᠱᠢᠶ᠎ᠡ ᠦᠵᠡᠭᠦᠯᠬᠦ︾ ᠪᠦᠬᠦ ᠶᠠᠪᠤᠴᠠ᠂ ᠡᠯ᠎ᠡ ᠲᠠᠯ᠎ᠠ ᠳᠤ | ᠲᠤᠤᠱᠯᠠᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ | ᠱᠤᠭᠤᠮ ᠤᠨ ᠳᠤᠮᠳᠠ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ |