1 ᠰᠠᠷ᠎ᠠ ᠶᠢᠨ 3 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ 2024 ᠣᠨ ᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠠ ᠬᠤᠰᠢᠭᠤᠨ ᠤ ᠰᠢᠭᠤᠳ | ᠬᠠᠷᠢᠶ᠎ᠠ ᠨᠠᠮ ︵ᠠᠵᠢᠯᠴᠢᠨ︶ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠰᠢᠶᠠᠯ ᠤᠨ | ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠬᠤᠩ ᠱᠧᠩ ᠬᠤᠷᠠᠯ ᠡᠷᠭᠢᠯᠡᠭᠰᠡᠨ ᠪᠥᠭᠡᠳ | ᠦᠨᠡᠯᠡᠯᠲᠡ ᠬᠢᠵᠦ᠂ ᠾᠧ ᠰᠢᠤᠸᠠᠢ ᠭᠤᠸᠠᠩ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ | ᠬᠤᠷᠢᠶ᠎ᠠ ᠶᠢᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠵᠣᠬᠢᠶᠠᠨ ᠪᠠᠶᠢᠭᠤᠯᠬᠤ ᠭᠡᠰᠢᠭᠦᠨ᠂ ᠬᠡᠰᠡᠭ ︽ᠬᠤᠶᠠᠷ ᠦᠶ᠎ᠡ ᠨᠢᠭᠡ ᠵᠥᠪᠯᠡᠯ︾ | ᠵᠢᠴᠢ ᠦᠨᠳᠦᠰᠦᠨ ᠱᠠᠲᠤᠨ ᠤ ᠨᠠᠮ ᠤᠨ ᠭᠡᠰᠢᠭᠦᠨ ᠣᠯᠠᠨ ᠲᠦᠮᠡᠨ ᠤ ᠲᠥᠯᠥᠭᠡᠯᠡᠭᠴᠢ ᠬᠤᠷᠠᠯ ᠳᠤ ᠣᠷᠣᠯᠴᠠᠵᠠᠶ᠃ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ | ᠪᠠᠶᠢᠭᠤᠯᠬᠤ ᠬᠡᠯᠲᠡᠰ ᠤᠨ ᠠᠯᠪᠠᠲᠠᠨ ᠤ ᠨᠢᠭᠡᠳᠦᠭᠡᠷ ᠰᠠᠯᠠᠭᠠᠨ ᠤ ᠳᠠᠷᠤᠭ᠎ᠠ ᠸᠠᠩ ᠼᠦᠩ ᠨᠥᠬᠦᠷ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠳᠡᠭᠡᠷ᠎ᠡ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠬᠤᠰᠢᠭᠤᠨ ᠤ ᠰᠢᠭᠤᠳ ᠬᠠᠷᠢᠶ᠎ᠠ ᠨᠠᠮ ︵ᠠᠵᠢᠯ︶ ᠤᠨ ᠬᠤᠷᠢᠶ᠎ᠠ ᠶᠢᠨ ᠱᠦᠵᠢ | ᠲᠤᠰᠢᠶᠠᠯ ᠤᠨ ᠮᠡᠳᠡᠭᠦᠯᠦᠯᠲᠡ ᠬᠢᠵᠦ᠂ ᠶᠢᠨ ᠬᠤᠩ ᠱᠧᠩ ᠨᠢᠭᠡᠳ ᠨᠢᠭᠡ ᠪᠠᠷ ᠦᠨᠡᠯᠡᠵᠦ᠂ ᠠᠵᠢᠯ ᠤᠨ ᠦᠷ᠎ᠡ ᠪᠦᠲᠦᠮᠵᠢ ᠶᠢ ᠨᠤᠲᠠᠯᠠᠵᠤ᠂ ᠥᠪᠡᠷᠮᠢᠴᠡ | ᠣᠨᠴᠠᠯᠢᠭ ᠲᠠᠢ ᠬᠢᠯᠠᠰ ᠴᠡᠭ ᠢ ᠡᠮᠬᠢᠯᠡᠬᠦ ᠪᠠᠷ ᠪᠠᠷᠠᠬᠤ ᠥᠬᠡᠶ ᠪᠠᠰᠠ ᠳᠤᠲᠠᠭᠤᠳᠠᠯ ᠪᠠ ᠬᠦᠷᠦᠯᠴᠡᠬᠦ ᠥᠬᠡᠶ ᠲᠠᠯ᠎ᠠ ᠶᠢ ᠵᠢᠭᠠᠨ ᠭᠠᠷᠭᠠᠵᠤ᠂ ᠪᠣᠳᠠᠲᠠᠶ ᠱᠠᠭᠠᠷᠳᠠᠯᠭ᠎ᠠ | ᠳᠤᠷᠠᠳᠪᠠ᠃ ᠶᠠᠩ ᠷᠦᠩ ᠪᠢᠨ᠂ ᠵᠠᠩ ᠿᠢ ᠪᠥᠸᠧ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ ᠤᠶᠠᠯᠳᠤᠭᠤᠯᠤᠨ ᠦᠨᠡᠯᠡᠯᠲᠡ | ᠬᠢᠪᠡ᠃ ᠸᠠᠩ ᠼᠥᠩ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠢ ᠲᠥᠯᠥᠭᠡᠯᠡᠨ ᠵᠢᠭᠠᠨ ᠵᠢᠯᠣᠭᠤᠳᠴᠤ ᠦᠨᠡᠯᠡᠯᠲᠡ ᠬᠢᠪᠡ᠃ | ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠦᠭ ᠰᠦᠨᠡᠰᠦ ᠶᠢ ᠱᠤᠭᠤᠵᠤ᠂ ᠭᠤᠤᠯ ᠰᠡᠳᠦᠪᠲᠦ ᠬᠥᠮᠦᠵᠢᠯ ᠤᠨ | ᠪᠣᠳᠠᠲᠤ ᠦᠷ᠎ᠡ ᠪᠦᠲᠦᠮᠵᠢ ᠤᠯᠬᠤ ᠶᠢ ᠭᠦᠨᠵᠡᠭᠡᠶ ᠠᠬᠢᠭᠤᠯᠬᠤ ᠬᠡᠷᠡᠭᠲᠡᠶ᠃ ᠦᠨᠳᠦᠰᠦᠨ ᠱᠠᠳᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ | ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠬᠤ ᠶᠢ ᠠᠬᠢᠭᠤᠯᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠵᠤ᠂ | ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠬᠤ ᠬᠡᠷᠡᠭᠲᠡᠢ᠃ ᠴᠢᠩᠭ᠎ᠠ ᠪᠠᠶᠢᠬᠤ ᠭᠤᠣᠯ | ᠬᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠬᠤ | ᠤᠳᠤᠷᠢᠳᠤᠮᠵᠢ ᠶᠢ ᠪᠠᠲᠤ ᠪᠤᠢ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠰᠢᠯᠭᠠᠯᠲᠠ ᠶᠢᠨ | ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ ᠶᠢ | ᠦᠨᠡᠯᠡᠨ ᠰᠢᠯᠭᠠᠬᠤ ᠲᠣᠭᠲᠠᠴᠠ ᠶᠢ ᠰᠠᠶᠢᠲᠤᠷ ᠬᠡᠷᠡᠭᠯᠡᠵᠦ᠂ ᠵᠥᠪ ᠴᠢᠭᠯᠡᠯ ᠢᠶᠠᠷ ᠤᠷᠮᠠᠰᠢᠭᠤᠯᠬᠤ ᠪᠠ ᠡᠰᠡᠷᠭᠦ ᠴᠢᠭᠯᠡᠯ ᠢᠶᠠᠷ ᠱᠠᠯᠠᠪᠳᠠᠭᠤᠯᠬᠤ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠬᠦᠴᠦᠯᠡᠬᠦ ᠭᠤᠣᠯᠳᠠᠯᠭ᠎ᠠ ᠶᠢ ᠲᠣᠳᠣᠷᠬᠠᠶᠢᠯᠠᠵᠤ᠂ ᠰᠡᠳᠬᠢᠴᠡ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠣᠷᠴᠣᠨ ᠤ | ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠨᠡᠩ ᠴᠢᠩᠭ᠎ᠠ ᠬᠥᠳᠡᠯᠭᠡᠬᠦ | ᠬᠦᠴᠦᠨ ᠨᠡᠮᠡᠷᠢᠯᠡᠬᠦ ᠬᠡᠷᠡᠭᠲᠡᠢ᠃ | ᠬᠤᠷᠠᠯ ᠠᠴᠠ ᠪᠠᠰᠠ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠬᠤᠰᠢᠭᠤᠨ ᠤ ᠰᠢᠭᠤᠳ ᠬᠠᠷᠢᠶ᠎ᠠ ᠨᠠᠮ ︵ᠠᠵᠤ ᠦᠢᠯᠡᠳᠪᠦᠷᠢ︶ ᠤᠨ ᠬᠤᠷᠢᠶᠠᠨ ᠤ | ᠱᠦᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠶ ᠲᠤᠬᠠᠶ ᠶᠢᠨ ᠲᠠᠯᠠᠪᠤᠷ ᠤᠨ ᠦᠨᠡᠯᠡᠯᠲᠡ ᠬᠢᠵᠡᠶ᠃ |