1 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠳᠥᠷᠪᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ | ᠡᠷᠭᠢᠯᠡᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠬᠤᠩ ᠱᠧᠩ ᠰᠤᠷᠤᠯᠴᠠᠯᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃ | ᠨᠣᠮ ᠤᠩᠰᠢᠬᠤ ᠠᠩᠬᠢ ᠶᠢᠨ ᠬᠤᠭᠤᠴᠠᠭᠠᠨ ᠳᠤ᠂ ᠭᠠᠵᠠᠷ ᠤᠨ ᠲᠡᠰ ᠤᠨ ᠤᠳᠤᠷᠢᠳᠬᠤ ᠨᠥᠬᠦᠳ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ᠂ ︽ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾ ᠵᠡᠷᠭᠡ ᠰᠤᠷᠤᠯᠴᠠᠬᠤ | ᠠᠭᠤᠯᠭ᠎ᠠ ᠶᠢ ᠲᠥᠪᠯᠡᠷᠡᠭᠦᠯᠦᠨ ᠰᠤᠳᠤᠯᠤᠨ ᠤᠩᠰᠢᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠪᠠᠷ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠪᠡ᠃ | ᠶᠢᠨ ᠬᠤᠩ ᠱᠧᠩ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠭᠦᠨ ᠭᠦᠨᠵᠡᠭᠡᠶ ᠠᠭᠤᠯᠤᠭᠳᠠᠬᠤᠨ ᠢ ᠭᠦᠨᠵᠡᠭᠡᠶ | ᠡᠵᠡᠮᠰᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ︽ᠦᠨᠳᠦᠰᠦᠲᠡᠨ ᠤ | ᠬᠠᠭᠤᠳᠠᠰᠤ︾ ᠶᠢ ᠡᠵᠡᠮᠰᠢᠨ ᠬᠡᠷᠡᠭᠯᠡᠬᠦ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠣᠶ ᠪᠣᠯᠭᠠᠬᠤ ᠶᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠬᠦᠷᠢᠶ᠎ᠡ ᠴᠠᠷᠠᠭ᠎ᠠ᠂ ᠪᠥᠬᠦ ᠶᠠᠪᠤᠴᠠ ᠳᠤ | ᠠᠭᠤᠰᠤᠯᠴᠠᠭᠤᠯᠵᠤ᠂ ᠨᠢᠭᠡᠳ ᠨᠢᠭᠡ ᠪᠠᠷ ᠨᠠᠶᠢᠳᠠᠪᠤᠷᠢᠵᠢᠭᠤᠯᠤᠨ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠦᠷ᠎ᠡ ᠪᠦᠲᠦᠮᠵᠢ ᠭᠠᠷᠭᠠᠬᠤ | ᠬᠡᠷᠡᠭᠲᠡᠶ᠃ ᠰᠤᠷᠤᠯᠴᠠᠯᠭ᠎ᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠴᠢᠩᠭᠠᠳᠬᠠᠵᠤ᠂ ᠤᠬᠠᠮᠰᠠᠷ ᠠᠴᠠ ᠪᠠᠨ ᠢᠲᠡᠭᠡᠯ ᠪᠢᠰᠢᠷᠡᠯ ᠲᠠᠢ᠂ ᠬᠠᠶᠢᠷ᠎ᠠ | ᠰᠡᠳᠬᠢᠯᠭᠡ ᠲᠠᠢ᠂ ᠬᠠᠷᠢᠭᠤᠴᠠᠯᠭ᠎ᠠ ᠲᠠᠢ ᠪᠠᠶᠢᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠨᠠᠷᠢᠨ ᠬᠢᠨᠠᠮᠠᠭᠠᠢ ᠰᠤᠷᠤᠯᠴᠠᠵᠤ᠂ ᠨᠠᠷᠢᠨ | ᠬᠢᠨᠠᠮᠠᠭᠠᠢ ᠰᠡᠳᠬᠢᠵᠦ᠂ ᠨᠠᠷᠢᠨ ᠬᠢᠨᠠᠮᠠᠭᠠᠢ ᠣᠶᠢᠯᠠᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠲᠤ ᠶᠢᠨ ᠲᠠᠨᠢᠯᠲᠠ︾᠂ ︽ᠲᠦᠷᠪᠡ ᠶᠢ ᠬᠠᠮᠲᠤ ᠪᠠᠷ ᠡᠳ᠋ᠯᠡᠬᠦ︾ ᠶᠢ ᠲᠠᠷᠢᠬᠢ ᠲᠣᠯᠣᠭᠠᠢ ᠳᠠᠭᠠᠨ | ᠬᠠᠳᠠᠩᠰᠢᠭᠤᠯᠵᠤ᠂ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠤᠪᠢᠷᠠᠭᠤᠯᠤᠨ ᠬᠡᠷᠡᠭᠯᠡᠬᠦ ᠶᠢ ᠰᠠᠶᠢᠲᠤᠷ ᠠᠳᠬᠤᠵᠤ᠂ ᠭᠤᠤᠯ | ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠ ᠡᠯ᠎ᠡ | ᠵᠦᠢᠯ ᠤᠨ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠣᠷᠭᠠᠨᠢᠭ ᠢᠶᠠᠷ ᠠᠭᠤᠰᠤᠯᠴᠠᠭᠤᠯᠬᠤ᠂ ᠵᠣᠯᠭᠠᠭᠤᠯᠤᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ | ᠰᠢᠷᠭᠠᠭᠤ ᠬᠠᠲᠠᠭᠤᠵᠢᠯᠲᠠᠶ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠵᠣᠷᠢᠭᠲᠠᠶ ᠪᠠᠷ ᠰᠡᠳᠬᠢᠨ ᠪᠣᠳᠣᠯᠬᠢᠯᠠᠵᠤ᠂ ᠦᠨᠡᠨ ᠬᠦ ᠠᠳᠬᠤᠨ ᠪᠣᠳᠠᠲᠠᠶ | ᠠᠵᠢᠯᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠠᠶᠢᠭᠤᠯᠬᠤ ᠱᠠᠭᠠᠷᠳᠠᠯᠭ᠎ᠠ ᠲᠠᠢ ᠬᠠᠷᠭᠤᠭᠤᠯᠵᠤ᠂ ᠪᠥᠬᠦ ᠤᠯᠤᠰ ᠤᠨ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠠᠯ᠎ᠠ ᠪᠠᠷ | ᠦᠷᠭᠦᠯᠵᠢᠯᠡᠨ ᠬᠦᠴᠦᠯᠡᠵᠦ᠂ ᠣᠷᠳᠣ ᠬᠤᠭᠤᠴᠠᠭ᠎ᠠ ᠪᠠᠷ ᠴᠢᠷᠮᠠᠶᠢᠬᠤ ᠬᠡᠷᠡᠭᠲᠡᠶ᠃ |