ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠤᠢ ᠯᠢ ᠴᠢᠶᠦ᠋ᠨ᠂ ᠬᠤᠲᠠ ᠶᠢᠨ ᠣᠶᠤᠨ ᠤ ᠪᠣᠯᠪᠠᠰᠤᠨ ᠤ ᠠᠯᠪᠠᠨ ᠭᠡᠷ ᠢ ᠲᠥᠯᠥᠭᠡᠯᠡᠨ ᠬᠤᠲᠠ ᠶᠢᠨ ᠱᠠᠲᠤᠨ ᠤ ᠶᠣᠰᠣ ᠰᠤᠷᠲᠠᠬᠤᠨ ᠤ ᠵᠢᠱᠢᠶᠡᠴᠢ ᠶᠢ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃
ᠨᠡᠶᠢᠲᠡᠯᠡᠭᠰᠡᠨ ᠴᠠᠭ᠄
2024/11/6
20240104115323462pb6cm9.jpg
      2 ᠰᠠᠷ᠎ᠠ ᠶᠢᠨ 29 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠢᠤᠢ ᠯᠢ ᠴᠢᠶᠦ᠋ᠨ᠂ ᠬᠤᠲᠠ ᠶᠢᠨ ᠣᠶᠤᠨ ᠤ ᠪᠣᠯᠪᠠᠰᠤᠨ ᠤ ᠠᠯᠪᠠᠨ ᠭᠡᠷ ᠢ ᠲᠥᠯᠥᠭᠡᠯᠡᠨ ᠬᠤᠲᠠ ᠶᠢᠨ ᠱᠠᠲᠤᠨ ᠤ ᠶᠣᠰᠣ ᠰᠤᠷᠲᠠᠬᠤᠨ ᠤ ᠵᠢᠱᠢᠶᠡᠴᠢ ᠯᠢᠦ ᠬᠠᠶ ᠮᠧᠶ᠂ ᠱᠠᠨ ᠢᠦᠶ ᠯᠠᠩ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠪᠡ᠃        ᠯᠢᠦ ᠬᠠᠶ ᠮᠧᠶ ᠶᠢᠨ ᠬᠡᠷ ᠲᠤ᠂ ᠰᠢᠤᠢ ᠯᠢ ᠴᠢᠶᠦ᠋ᠨ ᠰᠠᠨᠠᠭᠠᠴᠢᠯᠠᠭ᠎ᠠ ᠠᠴᠠ ᠪᠠᠨ ᠪᠤᠰᠤᠳ ᠢ ᠬᠠᠪᠰᠤᠷᠴᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠬᠠᠯᠠᠭᠤᠨ ᠰᠡᠳᠬᠢᠯᠭᠡ ᠲᠠᠢ ᠦᠢᠯᠡ ᠶᠠᠪᠤᠳᠠᠯ ᠢ ᠬᠦᠨᠳᠦᠳᠬᠡᠵᠦ ᠪᠠᠶᠢᠬᠤ ᠪᠠᠨ ᠢᠯᠡᠳᠬᠡᠵᠦ᠂ ᠲᠡᠭᠦᠨ ᠢ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠶ᠋ᠯᠡᠳᠦᠯ ᠢᠶᠠᠨ ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠳᠡᠷᠭᠡᠳᠡᠬᠢ ᠬᠥᠮᠦᠰ ᠢᠶᠠᠨ ᠳᠠᠶᠢᠴᠢᠯᠠᠵᠤ᠂ ᠨᠠᠩ ᠣᠯᠠᠨ ᠬᠥᠮᠦᠨ ᠢ ᠨᠥᠯᠥᠭᠡᠯᠡᠵᠦ᠂ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ ᠰᠠᠶᠢᠨ ᠰᠠᠶᠢᠬᠠᠨ ᠬᠡᠪ ᠰᠤᠷᠲᠠᠯ ᠢ ᠬᠥᠲᠥᠯᠥᠨ ᠳᠠᠭᠠᠭᠤᠯᠬᠤ ᠶᠢ ᠬᠦᠰᠡᠪᠡ᠃ ᠱᠠᠨ ᠢᠦᠢ ᠯᠠᠩ ᠤᠨ ᠭᠡᠷ ᠲᠤ᠂ ᠰᠢᠤᠢ ᠯᠢ ᠴᠢᠶᠦ᠋ᠨ ᠨᠠᠰᠤᠲᠠᠨ ᠤ ᠪᠡᠶ᠎ᠡ ᠮᠠᠬᠠᠪᠣᠳ ᠪᠣᠯᠤᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠨᠠᠮ ᠤᠨ ᠦᠢᠯᠡᠰ ᠤᠨ ᠲᠥᠯᠥᠭᠡ ᠦᠭᠡ ᠳᠠᠭᠤᠨ ᠦᠭᠡᠢ ᠪᠠᠷ ᠥᠪᠡᠷ ᠤᠨ ᠭᠡᠷᠡᠯ ᠪᠣᠯᠤᠨ ᠬᠠᠯᠠᠭᠤᠨ ᠰᠡᠳᠬᠢᠯᠬᠡ ᠪᠠᠨ ᠡᠷᠭᠦᠬᠦ ᠶᠢᠨ ᠬᠠᠮᠲᠤ ᠲᠡᠭᠦᠨ ᠢ ᠪᠡᠶ᠎ᠡ ᠪᠠᠨ ᠬᠢᠴᠢᠶᠡᠵᠦ᠂ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠪᠠᠳᠠᠷᠠᠭᠤᠯᠬᠤ ᠬᠡᠷᠡᠭᠲᠡᠢ ᠭᠡᠵᠦ ᠵᠠᠬᠢᠪᠠ᠃
202401041153407292wa53i.jpg
        ᠲᠣᠰ ᠤᠳᠠᠭ᠎ᠠ ᠬᠤᠲᠠ ᠶᠢᠨ ᠱᠠᠲᠤᠨ ᠤ 5 ᠶᠠᠳᠠᠭᠤ ᠬᠦᠴᠢᠷᠳᠡᠯᠲᠡᠶ ᠶᠣᠰᠣ ᠰᠤᠷᠲᠠᠬᠤᠨ ᠤ ᠵᠢᠱᠢᠶᠡᠴᠢ ᠪᠠ 1 ᠬᠥᠯᠦᠨ ᠪᠥᠢᠷ ᠤᠨ ᠰᠠᠶᠢᠨ ᠬᠥᠮᠦᠨ ᠢ ᠲᠣᠬᠤᠨᠢᠭᠤᠯᠪᠠ᠂ ᠰᠢᠤᠢ ᠯᠢ ᠴᠢᠶᠦ᠋ᠨ ᠱᠠᠭᠠᠷᠳᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠶᠣᠰᠣ ᠰᠤᠷᠲᠠᠬᠤᠨ ᠤ ᠵᠢᠱᠢᠶᠡᠴᠢ ᠶᠢᠨ ᠦᠶ᠋ᠯᠡ ᠠᠵᠢᠯᠯᠠᠭ᠎ᠠ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠳᠠᠶᠠᠭᠠᠷ ᠲᠤ ᠶᠣᠰᠣ ᠰᠤᠷᠲᠠᠬᠤᠨ ᠢ ᠡᠷᠬᠢᠮᠯᠡᠨ ᠰᠠᠶᠢᠨ ᠢ ᠡᠷᠬᠢᠮᠯᠡᠬᠦ᠂ ᠡᠷᠳᠡᠮᠲᠡᠨ ᠮᠡᠷᠭᠡᠳ ᠠᠴᠠ ᠲᠠᠭᠠᠨ ᠰᠤᠷᠤᠯᠴᠠᠬᠤ᠂ ᠳᠡᠯᠡᠬᠡᠶ ᠳ᠋ᠠᠬᠢᠨ ᠢ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃       
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ