ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠪᠡᠯᠭᠡᠯᠡᠪᠡ
ᠨᠡᠶᠢᠲᠡᠯᠡᠭᠰᠡᠨ ᠴᠠᠭ᠄
2024/11/8
    ᠨᠠᠯᠠᠭᠠᠷ ᠨᠠᠮᠤᠷ ᠤᠨ 9 ᠰᠠᠷ᠎ᠠ ᠶᠢᠨ 29 ᠤ ᠡᠳᠦᠷ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠭᠦᠷ ᠬᠥᠭᠵᠢᠶᠡᠨᠲᠡᠢ ᠪᠡᠯᠭᠡᠯᠡᠪᠡ᠃ 
图1.png
    ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ 1984 ᠣᠨ ᠳᠤ ᠬᠤᠷᠴᠢᠨ ᠮᠣᠩᠭᠤᠯᠴᠤᠳ ᠤᠨ ᠰᠣᠶᠣᠯ ᠰᠤᠷᠭᠠᠨ ᠬᠥᠮᠦᠵᠢᠯ ᠤᠨ ᠬᠦᠰᠡᠯ ᠤᠨ ᠨᠠᠷᠠ ᠶᠢ ᠡᠷᠭᠦᠵᠦ᠂ ᠬᠢᠩᠭᠠᠨ ᠳᠠᠪᠠᠭᠠᠨ ᠤ ᠡᠮᠦᠨ᠎ᠡ ᠬᠤᠷᠮᠣᠢ᠂ ᠲᠤᠩᠭᠠᠯᠠᠭ ᠤᠷᠤᠰᠬᠠᠯᠲᠤ ᠲᠤᠭᠤᠷ ᠤᠨ ᠭᠤᠣᠯ ᠤᠨ ᠵᠡᠭᠦᠨ ᠳᠡᠨᠵᠢᠨ᠎ᠡ᠂ ᠤᠯᠠᠭᠠᠨᠬᠤᠲᠠ ᠶᠢᠨ ᠵᠡᠭᠦᠨ ᠳᠡᠭᠦᠷᠭᠡ ᠳᠤ ᠡᠷᠥᠭᠡ ᠪᠠᠨ ᠰᠡᠬᠦᠵᠦ ᠡᠭᠦᠳᠡ ᠪᠠᠨ ᠨᠡᠭᠡᠭᠡᠨ᠂ ᠲᠤᠯᠭ᠎ᠠ ᠶᠢᠨ ᠭᠠᠯ ᠢᠶᠠᠨ ᠳᠦᠷᠡᠯᠵᠡᠭᠦᠯᠦᠭᠰᠡᠨ ᠶᠤᠮ᠃
图2.png
     ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠦᠨᠳᠦᠰᠦᠲᠡᠨ ᠤ ᠰᠤᠷᠭᠠᠨ ᠬᠥᠮᠦᠵᠢᠯ ᠤᠨ ᠦᠢᠯᠡᠰ ᠲᠤ ᠦᠯᠡᠮᠵᠢ ᠶᠡᠭᠡ ᠭᠠᠪᠢᠶ᠎ᠠ ᠵᠢᠳᠬᠦᠯ ᠪᠠᠶᠢᠭᠤᠯᠵᠤ᠂ ᠣᠷᠣᠨ ᠨᠤᠲᠤᠭ ᠤᠨ ᠠᠵᠤ ᠠᠬᠤᠢ ᠰᠣᠶᠣᠯ ᠰᠤᠷᠭᠠᠨ ᠬᠥᠮᠦᠵᠢᠯ ᠤᠨ ᠦᠢᠯᠡᠰ ᠲᠤ ᠨᠡᠮᠡᠷᠢ ᠬᠠᠨᠳᠢᠪ ᠢᠶᠠᠨ ᠡᠷᠭᠦᠵᠦ᠂ ᠳᠡᠭᠡᠳᠦ ᠳᠡᠰ ᠤᠨ ᠰᠤᠷᠭᠠᠭᠤᠯᠢ ᠳᠤ ᠮᠣᠷᠠᠯ ᠰᠤᠷᠤᠯᠭ᠎ᠠ ᠬᠤᠣᠰᠯᠠᠭᠰᠠᠨ ᠰᠢᠯᠢᠳᠡᠭ ᠰᠤᠷᠤᠬᠴᠢ ᠶᠢ ᠬᠦᠷᠭᠡᠵᠦ᠂ ᠣᠷᠣᠨ ᠨᠤᠲᠤᠭ ᠤᠨ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢᠨ ᠡᠯ᠎ᠡ ᠠᠵᠢᠯ ᠲᠦᠷᠥᠯ ᠤᠨ ᠹᠷᠤᠨᠲ ᠲᠤ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ ᠥᠭᠴᠡᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠠᠴᠠ ᠲᠡᠭᠦᠰᠦᠭᠰᠡᠨ ᠰᠤᠷᠤᠬᠴᠢᠳ ᠤᠳᠥ ᠳᠡᠯᠡᠬᠡᠢ ᠶᠢᠨ ᠡᠯ᠎ᠡ ᠤᠯᠤᠰ ᠣᠷᠣᠨ ᠳᠤ ᠠᠵᠢᠯᠯᠠᠵᠤ ᠰᠤᠷᠤᠯᠴᠠᠵᠤ ᠪᠠᠶᠢᠬᠤ ᠪᠥᠭᠡᠳ ᠡᠬᠡ ᠤᠯᠤᠰ ᠤᠨ ᠡᠯ᠎ᠡ ᠭᠠᠵᠠᠷ ᠡᠷᠳᠡᠮ ᠰᠣᠶᠣᠯ ᠢᠶᠠᠷ ᠢᠶᠠᠨ ᠦᠢᠯᠡᠰ ᠪᠣᠰᠬᠠᠵᠤ᠂ ᠵᠠᠰᠠᠭ ᠵᠠᠬᠢᠷᠭᠠᠨ᠂ ᠤᠯᠤᠰ ᠤᠨ ᠪᠠᠶᠢᠭᠤᠯᠭ᠎ᠠ ᠳᠤ ᠠᠵᠢᠯ ᠠᠯᠪᠠ ᠭᠦᠢᠴᠡᠳᠬᠡᠨ ᠡᠭᠦᠷᠭᠡ ᠲᠤᠰᠢᠶᠠᠯ ᠬᠠᠷᠢᠭᠤᠴᠠᠵᠤ᠂ ᠡᠯ᠎ᠡ ᠲᠦᠷᠥᠯ ᠤᠨ ᠠᠵᠢᠯ ᠦᠢᠯᠡᠰ ᠤᠨ ᠰᠠᠯᠠᠭ᠎ᠠ ᠮᠥᠴᠢᠷ ᠲᠤ ᠡᠬᠡ ᠰᠤᠷᠭᠠᠭᠤᠯᠢ ᠶᠢᠨ ᠢᠶᠠᠨ ᠠᠯᠳᠠᠷ ᠨᠡᠷ᠎ᠡ ᠶᠢ ᠡᠷᠭᠦᠵᠦ ᠶᠠᠪᠤᠨ᠎ᠠ᠃     ᠲᠤᠰ ᠤᠳᠠᠭᠠᠨ ᠤ ᠠᠵᠢᠯᠯᠠᠭ᠎ᠠ ᠳᠤ ᠬᠢᠩᠭᠠᠨ ᠠᠶᠢᠮᠠᠭ ᠪᠠ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠤᠳᠤᠷᠢᠳᠤᠯᠭ᠎ᠠ ᠨᠠᠷ ᠤᠷᠤᠯᠴᠠᠬᠰᠠᠨ ᠪᠥᠭᠡᠳ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠶᠢᠨ 1987 ᠣᠨ ᠠᠴᠠ 2024 ᠣᠨ ᠳᠤ ᠲᠡᠭᠦᠰᠦᠭᠰᠡᠨ ᠰᠤᠷᠤᠯᠭ᠎ᠠ ᠶᠢᠨ ᠬᠠᠨᠢᠲᠠᠨ 1500 ᠭᠠᠷᠤᠢ ᠬᠥᠮᠥᠨ ᠤᠷᠤᠯᠴᠠᠵᠤ᠂ ᠦᠨᠳᠦᠰᠦᠲᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠨ᠂ ᠡᠬᠡ ᠰᠤᠷᠭᠠᠭᠤᠯᠢ ᠶᠢᠨ ᠢᠶᠠᠨ 40 ᠵᠢᠯ ᠤᠨ ᠤᠢ ᠪᠠᠨ ᠬᠠᠮᠲᠤ ᠪᠠᠷ ᠪᠡᠯᠭᠡᠯᠡᠭᠰᠡᠨ ᠪᠠᠶᠢᠨ᠎ᠠ᠃     ︽ᠪᠢ ᠪᠣᠯ 2007 ᠣᠨ ᠳᠤ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠠᠴᠠ ᠲᠡᠭᠦᠰᠦᠭᠰᠡᠨ ᠰᠤᠷᠤᠬᠴᠢ ᠪᠣᠯᠣᠨ᠎ᠠ᠂ ᠡᠬᠡ ᠰᠤᠷᠭᠠᠭᠤᠯᠢ ᠪᠠᠶᠢᠭᠤᠯᠤᠭᠳᠠᠭᠰᠠᠨ 40 ᠵᠢᠯ ᠤᠨ ᠤᠢ ᠪᠠᠨ ᠪᠡᠯᠭᠡᠯᠡᠬᠦ ᠦᠪᠡᠳᠡᠭᠰᠢ ᠨᠠᠶᠢᠷ ᠲᠤ ᠬᠦᠷᠦᠯᠴᠡᠨ ᠢᠷᠡᠭᠰᠡᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠪᠢ ᠤᠳᠥ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠴᠠᠭᠠᠨ ᠢᠳᠡᠭᠡᠨ ᠤ ᠦᠢᠯᠡᠰ ᠡᠷᠭᠢᠯᠡᠵᠤ ᠪᠤᠢ᠂ ᠳᠡᠭᠡᠭᠡᠳ ᠥᠨᠥᠳᠥᠷ 80000 ᠭᠠᠷᠤᠢ ᠲᠥᠭᠦᠷᠢᠭ ᠤᠨ ᠴᠠᠭᠠᠨ ᠢᠳᠡᠭᠡᠨ ᠢᠶᠠᠨ ᠠᠪᠤᠭᠠᠳ ᠡᠬᠡ ᠰᠤᠷᠭᠠᠭᠤᠯᠢ ᠳᠤ ᠪᠠᠨ ᠪᠡᠯᠡᠭ ᠪᠣᠯᠭᠠᠨ ᠡᠷᠭᠦᠭᠰᠡᠨ ᠶᠤᠮ᠃ ᠡᠬᠡ ᠰᠤᠷᠭᠠᠭᠤᠯᠢ ᠶᠢᠨ ᠢᠷᠡᠬᠦ ᠮᠠᠷᠭᠠᠰᠢ ᠨᠡᠩ ᠭᠡᠭᠡᠨ ᠰᠠᠷᠠᠭᠤᠯ ᠪᠣᠯᠲᠤᠭᠠᠢ︾ ᠭᠡᠵᠦ ᠴᠣᠯᠮᠣᠨ ᠶᠠᠷᠢᠯ᠎ᠠ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠨᠡᠶᠢᠭᠡᠮ ᠨᠡᠶᠢᠳᠡ ᠪᠠ ᠰᠤᠷᠤᠬᠴᠢ ᠶᠢᠨ ᠭᠡᠷ ᠤᠨ ᠠᠬᠠᠮᠠᠳ  ᠤᠨ ᠬᠦᠷᠢᠶᠡᠯᠡᠯ ᠢ ᠣᠯᠵᠤ᠂ ᠨᠠᠮ ᠵᠠᠰᠠᠭ ᠤᠨ ᠢᠲᠡᠭᠡᠯ ᠢ ᠭᠦᠷᠳᠡᠨ᠂ ᠬᠤᠰᠢᠭᠤ ᠨᠤᠲᠤᠭ ᠤᠨ ᠢᠶᠠᠨ ︽ᠮᠣᠩᠭᠤᠯ ᠰᠣᠶᠣᠯ ᠰᠤᠷᠭᠠᠨ ᠬᠥᠮᠦᠵᠢᠯ ᠤᠨ ᠳᠠᠷᠬᠠᠨ ᠭᠤᠯᠣᠮᠲᠠ ︾᠂ ︽ᠮᠣᠩᠭᠤᠯ ᠡᠷᠳᠡᠮᠲᠡᠨ ᠴᠢᠳᠠᠪᠤᠷᠢᠲᠠᠨ ᠢ ᠬᠥᠮᠥᠵᠢᠭᠦᠯᠬᠦ ᠥᠯᠥᠭᠡᠢ︾ ᠭᠡᠵᠦ ᠬᠤᠯᠠ ᠣᠶᠢᠷ᠎ᠠ ᠳᠤ ᠠᠯᠳᠠᠷᠰᠢᠨ᠂ ᠣᠷᠣᠨ ᠤ ᠳᠣᠲᠣᠷᠠᠬᠢ ᠦᠨᠳᠦᠰᠦᠲᠡᠨ  ᠤ ᠰᠤᠷᠭᠠᠭᠤᠯᠢ ᠶᠢᠨ ᠲᠡᠷᠢᠭᠦᠨ ᠡᠩᠨᠡᠭᠡᠨ ᠳᠤ ᠠᠯᠬᠤᠨ ᠣᠷᠣᠵᠤ᠂ ᠤᠯᠤᠰ ᠤᠨ ᠳᠣᠲᠣᠭᠠᠳᠤ ᠶᠢᠨ ᠦᠨᠳᠦᠰᠦᠲᠡᠨ ᠤ ᠰᠤᠷᠭᠠᠭᠤᠯᠢ ᠶᠢᠨ ᠡᠩᠨᠡᠭᠡᠨ ᠳᠤ ᠨᠡᠷ᠎ᠡ ᠪᠠᠨ ᠲᠡᠮᠳᠡᠭᠯᠡᠭᠦᠯᠦᠨ ᠠᠯᠳᠠᠷ ᠢᠶᠠᠨ ᠳᠠᠭᠤᠷᠢᠰᠬᠠᠵᠠᠢ᠃     ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠨᠢ ᠨᠠᠮ ᠵᠠᠰᠠᠭ ᠤᠨ ᠬᠠᠶᠢᠷ᠎ᠠ ᠬᠠᠯᠠᠮᠵᠢᠯᠠᠯ ᠪᠠ ᠬᠡᠳᠦᠨ ᠦᠶ᠎ᠡ  ᠶᠢᠨ ᠪᠠᠭᠰᠢ ᠠᠵᠢᠯᠲᠠᠳ ᠤᠨ ᠤᠶᠢᠭ᠎ᠠ ᠦᠭᠡᠢ ᠴᠢᠷᠮᠠᠶᠢᠯᠭ᠎ᠠ ᠪᠠᠷ ᠳᠠᠮᠵᠢᠨ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠪᠣᠯᠣᠨ ᠰᠤᠷᠭᠠᠭᠤᠯᠢ ᠡᠷᠭᠢᠯᠡᠭᠦ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠤ᠂ 1990 ᠣᠨ ᠳᠤ ︽ᠪᠦᠭᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠳᠠ ᠶᠢᠨ ᠲᠡᠷᠢᠭᠦᠨ ᠤ ᠬᠠᠮᠲᠤ︾᠂ 2009 ᠣᠨ ᠳᠤ ︽ᠪᠦᠭᠦ ᠤᠯᠤᠰ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠲᠡᠷᠢᠭᠦᠨ ᠤ ᠬᠠᠮᠲᠤ ᠨᠢᠭᠡᠴᠢ︾ 2012 ᠣᠨ ᠳᠤ ︽ᠪᠦᠭᠦ ᠤᠯᠤᠰ ᠤᠨ ᠣᠨᠴᠠᠯᠢᠭᠲᠤ ᠰᠤᠷᠭᠠᠭᠤᠯᠢ︾᠂ 2014 ᠣᠨ ᠳᠤ ︽ᠪᠦᠭᠦ ᠤᠯᠤᠰ ᠤᠨ ᠵᠢᠱᠢᠶᠡᠴᠢ ᠠᠵᠢᠯᠴᠢᠨ ᠤ ᠭᠡᠷ ᠪᠦᠯᠢ︾ ᠭᠡᠬᠦ ᠮᠡᠲᠦ ᠶᠢᠨ ᠤᠯᠠᠨ ᠢᠷᠠᠭᠤ ᠠᠯᠳᠠᠷ ᠢ ᠬᠦᠷᠲᠡᠵᠦ ᠪᠢᠯᠡ᠃     ᠥᠨᠥᠳᠥᠷ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠢᠭᠡᠳᠦᠭᠡᠷ ᠳᠤᠮᠳᠠᠳᠥ ᠰᠤᠷᠭᠠᠭᠤᠯᠢ ᠰᠢᠨ᠎ᠡ ᠲᠡᠦᠬᠡᠨ ᠭᠠᠷᠤᠭ᠎ᠠ ᠳᠤ ᠵᠣᠭᠰᠣᠵᠤ᠂ ᠤᠭ ᠰᠠᠨᠠᠭ᠎ᠠ ᠪᠠᠨ ᠦᠯᠥ ᠮᠠᠷᠲᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠴᠤᠴᠠᠯᠲᠠ ᠦᠭᠡᠢ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠪᠠᠷ ᠰᠢᠨ᠎ᠡ ᠠᠶᠠᠨ  ᠢᠶᠠᠨ ᠡᠬᠢᠯᠡᠭᠦᠯᠵᠦ᠂ ᠰᠤᠷᠭᠠᠨ ᠬᠥᠮᠦᠵᠢᠯ ᠤᠨ ᠤᠷᠳᠥ ᠠᠶᠠᠨ ᠳᠤ ᠢᠲᠡᠭᠡᠯ ᠲᠡᠭᠦᠯᠳᠡᠷ ᠵᠢᠳᠬᠦᠵᠦ ᠶᠠᠪᠤᠨ᠎ᠠ᠃
ᠢᠷᠡᠯᠲᠡ᠄ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ