ᠪᠤᠭᠤᠲᠤ ᠬᠤᠳᠠ ᠶᠢᠨ ᠶᠡᠷᠡᠨ ᠲᠠᠪᠤᠳᠤᠭᠠᠷ ᠲᠤᠮᠳᠠᠳᠤ ᠰᠤᠷᠭᠠᠭᠤᠯᠢ ᠶᠢᠨ 2024 ᠣᠨ ᠤ ᠥᠨᠳᠥᠷ ᠨᠢᠭᠡ ᠶᠢᠨ ᠰᠢᠨ᠎ᠡ ᠰᠤᠷᠤᠬᠴᠢ᠂ 15 ᠨᠠᠰᠤᠲᠠᠢ ᠳ᠋ᠦ᠋ | ᠬᠠᠨ ᠴᠧᠨ ᠲᠠᠯᠠᠢ ᠶᠢᠨ ᠲᠦᠪᠰᠢᠨ ᠠᠴᠠ 7546 ᠮᠧᠳ᠋ᠷ ᠥᠨᠳᠥᠷ ᠪᠦᠬᠦᠢ ᠮᠦᠰᠤᠲ᠋ᠠᠭ ᠤᠷᠭᠢᠯ ᠢ ᠠᠮᠵᠢᠯᠲᠠ ᠲᠠᠢ ᠠᠪᠠᠷᠢᠵᠤ᠂ ᠤᠯᠤᠰ ᠤᠨ ᠨᠢᠭᠡᠳᠦᠭᠡᠷ ᠲᠡᠰ ᠤᠨ | ᠲᠠᠮᠢᠷᠴᠢᠨ ᠤ ᠪᠠᠷᠢᠮᠵᠢᠶᠠᠨ ᠳᠤ ᠬᠦᠷᠴᠦ᠂ ᠮᠦᠰᠤᠲ᠋ᠠᠭ ᠤᠷᠭᠢᠯ ᠳᠤ ᠭᠠᠷᠤᠭᠰᠠᠨ ᠪᠦᠭᠦ ᠤᠯᠤᠰ ᠤᠨ ᠬᠠᠮᠤᠭ ᠤᠨ ᠵᠠᠯᠠᠭᠤ ᠠᠵᠢᠯ ᠤᠨ ᠴᠢᠯᠦᠭᠡᠨ ᠤ ᠠᠭᠤᠯᠠ | ᠠᠪᠠᠷᠢᠭᠴᠢ ᠪᠣᠯᠤᠭᠰᠠᠨ ᠪᠠᠶᠢᠨ᠎ᠠ᠃ | ᠮᠦᠰᠤᠲ᠋ᠠᠭ ᠤᠷᠭᠢᠯ ᠪᠣᠯ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠠᠺᠲ᠋ᠤ᠋ ᠰᠢᠶᠠᠨ ᠵᠢᠴᠢ ᠺᠠᠱᠭᠠᠷ ᠤᠨ ᠲᠠᠱᠺᠤᠷᠭᠠᠨ ᠤ ᠲᠠᠵᠢᠺ | ᠥᠪᠡᠷᠲᠡᠭᠡᠨ ᠵᠠᠰᠠᠬᠤ ᠰᠢᠶᠠᠨ ᠤ ᠵᠠᠭᠠᠭ ᠳᠡᠭᠡᠷ᠎ᠡ ᠪᠠᠶᠢᠷᠢᠯᠠᠵᠤ᠂ ᠪᠠᠷᠠᠭᠤᠨ ᠺᠦᠨᠯᠤᠨ ᠠᠭᠤᠯᠠ ᠶᠢᠨ ᠭᠤᠷᠪᠠᠳᠤᠭᠠᠷ ᠥᠨᠳᠥᠷ ᠤᠷᠭᠢᠯ ᠪᠣᠯᠣᠨ᠎ᠠ᠃ ᠲᠤᠰ ᠤᠷᠭᠢᠯ | ᠵᠢᠯ ᠤᠨ ᠲᠦᠷᠪᠠᠨ ᠤᠯᠠᠷᠢᠯ ᠢᠶᠠᠷ ᠢᠶᠠᠨ ᠮᠥᠰᠥ ᠴᠠᠰᠤᠨ ᠳᠤ ᠮᠥᠩᠬᠡ ᠬᠤᠴᠢᠭᠳᠠᠵᠤ᠂ ᠮᠥᠰᠥᠨ ᠳᠠᠪᠬᠤᠷᠭ᠎ᠠ ᠶᠢᠨ ᠵᠤᠵᠠᠭᠠᠨ ᠨᠢ 100 - 200 ᠮᠧᠳ᠋ᠷ᠂ | ᠰᠢᠨᠵᠢᠶᠠᠩ ᠤᠨ 6 ᠳ᠋ᠤᠭᠠᠷ᠂ ᠪᠦᠭᠦ ᠪᠥᠮᠪᠥᠷᠴᠡᠭ ᠤᠨ 43 ᠳ᠋ᠤᠭᠠᠷ ᠥᠨᠳᠥᠷ ᠤᠷᠭᠢᠯ ᠪᠣᠯᠣᠨ᠎ᠠ᠃ ᠠᠪᠠᠷᠢᠬᠤ ᠳᠤ ᠬᠦᠴᠢᠷ ᠪᠠᠶᠢᠳᠠᠭ ᠪᠣᠯᠬᠤᠷ ᠤᠯᠤᠰ ᠤᠨ | ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠠᠴᠠ ᠵᠢᠯ ᠪᠣᠯᠭᠠᠨ ᠤ 6 ᠠᠴᠠ 8 ᠰᠠᠷ᠎ᠠ ᠳᠤ ᠵᠦᠪᠭᠡᠨ 300 ᠬᠥᠮᠥᠨ ᠢ ᠮᠦᠰᠤᠲ᠋ᠠᠭ ᠤᠷᠭᠢᠯ ᠢ ᠠᠪᠠᠷᠢᠬᠤ ᠶᠢ | ᠵᠥᠪᠰᠢᠶᠡᠷᠡᠳᠡᠭ᠃ | 7 ᠰᠠᠷ᠎ᠠ ᠶᠢᠨ 1 ᠤ ᠡᠳᠦᠷ᠂ ᠥᠨᠳᠥᠷ ᠲᠤᠮᠳᠠᠳᠤ ᠳᠤ ᠳᠡᠪᠰᠢᠬᠦ ᠰᠢᠯᠭᠠᠯᠲᠠ ᠪᠠᠨ ᠰᠠᠶ᠋ᠢᠬᠠᠨ ᠳᠠᠭᠤᠰᠬᠠᠭᠰᠠᠨ ᠳ᠋ᠦ᠋ ᠬᠠᠨ ᠴᠧᠨ ᠪᠤᠭᠤᠲᠤ ᠠᠴᠠ ᠪᠡᠭᠡᠵᠢᠩ | ᠳᠤ ᠬᠦᠷᠴᠦ᠂ ᠲᠠᠷᠠᠭ᠎ᠠ ᠡᠳᠦᠷ ᠨᠢ ᠲᠠᠭᠢᠨ ᠪᠡᠭᠡᠵᠢᠩ ᠠᠴᠠ ᠰᠢᠨᠵᠢᠶᠠᠩ ᠤᠨ ᠺᠠᠱᠭᠠᠷ ᠲᠤ ᠨᠢᠰᠬᠡᠯ ᠢᠶᠠᠷ ᠬᠦᠷᠴᠦ ᠠᠭᠤᠯᠠ ᠠᠪᠠᠷᠢᠭᠴᠢ ᠬᠠᠨᠢᠲᠠᠳ ᠲᠠᠢ ᠪᠠᠨ | ᠠᠭᠤᠯᠵᠠᠨ᠂ ᠮᠦᠰᠤᠲ᠋ᠠᠭ ᠤᠷᠭᠢᠯ ᠢ ᠠᠪᠠᠷᠢᠬᠤ ᠠᠶᠠᠨ ᠢᠶᠠᠨ ᠡᠬᠢᠯᠡᠭᠦᠯᠦᠭᠰᠡᠨ ᠪᠠᠶᠢᠨ᠎ᠠ᠃ ᠡᠭᠦᠨ ᠠᠴᠠ ᠡᠮᠦᠨ᠎ᠡ᠂ ᠲᠠᠷᠠ ᠪᠠᠷ 2023 ᠣᠨ ᠤ 8 ᠰᠠᠷ᠎ᠠ ᠳᠤ | ᠲᠠᠯᠠᠢ ᠶᠢᠨ ᠲᠦᠪᠰᠢᠨ ᠠᠴᠠ 5396 ᠮᠧᠳ᠋ᠷ ᠥᠨᠳᠥᠷ ᠶᠦᠨᠨᠠᠨ ᠤ ᠬᠠᠪᠠ ᠴᠠᠰᠤᠲᠤ ᠠᠭᠤᠯᠠ ᠶᠢ ᠠᠮᠵᠢᠯᠲᠠ ᠲᠠᠢ ᠠᠪᠠᠷᠢᠭᠰᠠᠨ ᠢᠶᠠᠷ ᠮᠦᠰᠤᠲ᠋ᠠᠭ ᠤᠷᠭᠢᠯ ᠢ | ᠠᠪᠠᠷᠢᠬᠤ ᠬᠢᠷᠢ ᠭᠡᠮ ᠢ ᠣᠯᠵᠠᠢ᠃ | ᠢᠩᠭᠢᠭᠡᠳ ᠠᠪᠠᠷᠢᠬᠤ ᠠᠶᠠᠨ ᠨᠢ ᠲᠠᠯᠠᠢ ᠶᠢᠨ ᠲᠦᠪᠰᠢᠨ ᠠᠴᠠ 4350 ᠮᠧᠳ᠋ᠷ ᠥᠨᠳᠥᠷ ᠪᠦᠬᠦᠢ ᠭᠤᠣᠯ ᠪᠠᠭᠤᠴᠠ ᠠᠴᠠ ᠡᠬᠢᠯᠡᠵᠦ᠂ ᠲᠠᠯᠠᠢ ᠶᠢᠨ | ᠲᠦᠪᠰᠢᠨ ᠠᠴᠠ 7546 ᠮᠧᠳ᠋ᠷ ᠥᠨᠳᠥᠷ ᠪᠦᠬᠦᠢ ᠭᠤᠣᠯ ᠤᠷᠭᠢᠯ ᠳᠤ ᠭᠠᠷᠳᠠᠯ᠎ᠠ ᠠᠪᠠᠷᠢᠬᠤ ᠥᠨᠳᠥᠷ ᠨᠢ 3000 ᠮᠧᠳ᠋ᠷ ᠥᠨᠳᠥᠷ ᠪᠠᠶᠢᠪᠠ᠃ ᠠᠪᠠᠷᠢᠬᠤ | ᠳᠤᠮᠳᠠ ᠭᠥᠯᠢᠭᠡᠷ ᠮᠥᠰᠥ ᠴᠠᠰᠤᠨ ᠳᠡᠭᠡᠭᠦᠷ ᠠᠯᠬᠤᠬᠤ ᠪᠣᠯᠬᠤᠷ᠂ ᠠᠯᠬᠤᠮ ᠪᠦᠷᠢ ᠳᠤ ᠲᠦᠢᠯ ᠤᠨ ᠬᠦᠴᠢᠷ ᠪᠠᠶᠢᠯ᠎ᠠ᠃ ᠪᠦᠭᠦ ᠠᠶᠠᠨ ᠳᠤ ᠲᠡᠳᠡ 18 ᠡᠳᠦᠷ | ᠬᠡᠷᠡᠭᠰᠡᠵᠦ᠂ ᠪᠦᠭᠦ ᠵᠠᠮ ᠢᠶᠠᠨ ᠬᠡᠰᠡᠭ ᠪᠦᠯᠦᠭ ᠬᠤᠪᠢᠶᠠᠨ᠂ ᠤᠷᠭᠢᠯ ᠳᠤ ᠭᠠᠷᠳᠠᠯ᠎ᠠ ᠭᠤᠷᠪᠠ ᠤᠳᠠᠭ᠎ᠠ ᠪᠣᠯᠪᠠᠰᠤᠷᠠᠯ ᠬᠢᠭᠰᠡᠨ ᠪᠠᠶᠢᠨ᠎ᠠ᠃ ᠬᠠᠮᠤᠭ ᠤᠨ ᠰᠡᠭᠦᠯ ᠤᠨ | ᠨᠢᠭᠡ ᠤᠳᠠᠭᠠᠨ ᠤ ᠪᠣᠯᠪᠠᠰᠤᠷᠠᠯ ᠳᠠᠭᠠᠨ ᠲᠡᠳᠡ ᠲᠠᠯᠠᠢ ᠶᠢᠨ ᠲᠦᠪᠰᠢᠨ ᠠᠴᠠ ᠳᠡᠭᠡᠭᠰᠢ 6200 ᠮᠧᠳ᠋ᠷ ᠲᠤ ᠬᠦᠷᠴᠦ᠂ ᠳ᠋ᠦ᠋ ᠬᠠᠨ ᠴᠧᠨ ᠰᠥᠨᠢ ᠳᠡᠭᠡᠨ ᠤᠨᠲᠠᠵᠤ | ᠣᠷᠣᠬᠤ ᠦᠭᠡᠢ ᠠᠴᠠ ᠠᠰᠲᠠᠭᠠᠨ ᠢᠯᠡᠷᠡᠯ ᠪᠠᠷᠤᠭ ᠭᠠᠷᠤᠭᠰᠠᠨ ᠦᠭᠡᠢ ᠪᠣᠯᠬᠤᠷ ᠤᠤᠯ ᠤᠨ ᠠᠶᠤᠩᠭᠤᠷᠢ ᠨᠢ ᠨᠡᠯᠢᠶᠡᠳ ᠨᠠᠮᠬᠠᠷᠠᠭᠰᠠᠨ ᠪᠠᠶᠢᠨ᠎ᠠ᠃ | 7 ᠰᠠᠷ᠎ᠠ ᠶᠢᠨ 18 ᠤ ᠦᠦᠷ ᠤᠨ ᠭᠤᠷᠪᠠᠨ ᠴᠠᠭ ᠲᠤ᠂ ᠳ᠋ᠦ᠋ ᠬᠠᠨ ᠴᠧᠨ ᠮᠦᠰᠤᠲ᠋ᠠᠭ ᠠᠭᠤᠯᠠ ᠶᠢᠨ ᠭᠤᠣᠯ ᠤᠷᠭᠢᠯ ᠤᠷᠤᠭᠤ ᠰᠢᠪᠲᠤᠯᠤᠯᠲᠠ ᠬᠢᠭᠰᠡᠨ | ᠪᠠᠶᠢᠨ᠎ᠠ᠃ ᠵᠠᠮ ᠵᠠᠭᠤᠷ᠎ᠠ ᠭᠥᠯᠢᠭᠡᠷ ᠮᠥᠰᠥ ᠲᠠᠭᠠᠷᠠᠯᠳᠤᠬᠤ ᠦᠭᠡᠢ ᠪᠣᠯ ᠮᠥᠰᠥᠨ ᠠᠩ ᠲᠠᠭᠠᠷᠠᠯᠳᠤᠵᠤ᠂ ᠳᠠᠪᠠᠭᠠᠳ ᠳᠠᠪᠠᠭᠠᠳ ᠪᠠᠷᠠᠬᠤ ᠦᠭᠡᠢ ᠴᠠᠰᠤᠲᠤ ᠬᠥᠲᠥᠯ | ᠂ ᠠᠯᠬᠤᠭᠠᠳ ᠠᠯᠬᠤᠭᠠᠳ ᠲᠤᠭᠤᠯᠤᠰᠢ ᠦᠭᠡᠢ ᠴᠠᠰᠤᠲᠤ ᠬᠢᠷ᠎ᠠ ᠨᠤᠭᠤᠳ ᠲᠡᠳᠡᠨᠤᠰ ᠤᠨ ᠰᠢᠨᠳᠠᠰᠤ ᠶᠢ ᠰᠢᠯᠭᠠᠵᠤ ᠪᠠᠶᠢᠯ᠎ᠠ᠃ | ᠳ᠋ᠦ᠋ ᠬᠠᠨ ᠴᠧᠨ ᠤ ᠡᠷᠭᠢᠴᠡᠭᠦᠯᠬᠦ ᠪᠠᠷ᠂ ᠭᠤᠣᠯ ᠤᠷᠭᠢᠯ ᠳᠤ ᠮᠠᠴᠤᠭᠰᠠᠨ ᠲᠡᠷᠡ ᠡᠳᠦᠷ ᠰᠠᠯᠬᠢᠨ ᠤ ᠬᠤᠷᠳᠤᠴᠠ ᠴᠠᠭ ᠪᠦᠷᠢ 40 ᠮᠢᠩᠭᠠᠨ ᠮᠧᠳ᠋ᠷ ᠲᠤ | ᠬᠦᠷᠴᠦ᠂ ᠴᠠᠰᠤ ᠴᠤ ᠲᠠᠰᠤᠷᠠᠯᠳᠠ ᠦᠭᠡᠢ ᠨᠡᠮᠡᠨ ᠣᠷᠣᠵᠤ ᠪᠠᠶᠢᠯ᠎ᠠ᠃ ᠴᠠᠰᠤ ᠰᠠᠯᠬᠢᠨ ᠲᠠᠢ ᠠᠴᠠ ᠪᠣᠯᠵᠤ᠂ ᠠᠭᠤᠯᠠᠨ ᠤᠷᠭᠢᠯ ᠤᠨ ᠬᠡᠰᠡᠭ ᠲᠤ ᠴᠠᠭᠠᠨ ᠮᠠᠨᠠᠨ | ᠬᠥᠰᠢᠭᠡᠯᠡᠵᠦ᠂ ᠲᠡᠳᠡ ᠬᠡᠰᠡᠭ ᠵᠠᠭᠤᠷ᠎ᠠ ᠵᠠᠮ ᠲᠥᠭᠡᠷᠢᠪᠡ᠃ ᠢᠩᠭᠢᠭᠡᠳ 7300 ᠮᠧᠳ᠋ᠷ ᠠᠴᠠ ᠳᠡᠭᠡᠭᠰᠢᠬᠢ ᠪᠤᠯᠬᠤ ᠦᠶᠡᠰ᠂ ᠳ᠋ᠦ᠋ ᠬᠠᠨ ᠴᠧᠨ ᠤ ᠲᠣᠯᠣᠭᠠᠢ ᠨᠢ | ᠮᠡᠩᠳᠡᠭᠦᠷᠡᠭᠡᠳ ᠲᠡᠰᠪᠦᠷᠢᠯᠡᠬᠦᠶ᠎ᠡ ᠪᠡᠷᠬᠡ ᠰᠢᠭ ᠰᠠᠨᠠᠭᠳᠠᠵᠠᠢ᠃ ᠭᠡᠪᠡᠴᠦ ᠠᠭᠤᠯᠠ ᠠᠪᠠᠷᠢᠭᠴᠢ ᠬᠥᠮᠥᠨ ᠲᠡᠰᠬᠦ ᠳᠤ ᠬᠠᠮᠤᠭ ᠤᠨ ᠬᠦᠴᠢᠷ ᠪᠠᠶᠢᠳᠠᠭ᠂ ᠮᠥᠨ ᠴᠤ | ᠬᠤᠶᠢᠰᠢ ᠤᠬᠤᠷᠢᠬᠤ ᠬᠥᠮᠥᠨ ᠬᠠᠮᠤᠭ ᠤᠨ ᠠᠷᠪᠢᠨ ᠭᠠᠷᠳᠠᠭ ᠬᠠᠮᠤᠭ ᠤᠨ ᠰᠡᠭᠦᠯᠴᠢ ᠶᠢᠨ 200 ᠮᠧᠳ᠋ᠷ ᠤᠨ ᠵᠠᠢ ᠳᠡᠭᠡᠷ᠎ᠡ᠂ ᠳ᠋ᠦ᠋ ᠬᠠᠨ ᠴᠧᠨ ᠲᠤᠰᠬᠠᠢ | ᠮᠡᠷᠭᠡᠵᠢᠯ ᠤᠨ ᠳᠠᠭᠠᠭᠤᠯᠤᠭᠴᠢ ᠪᠣᠯᠣᠨ ᠬᠠᠮᠲᠤ ᠠᠶᠠᠯᠠᠭᠴᠢᠳ ᠤᠨ ᠢᠶᠠᠨ ᠵᠣᠷᠢᠭᠵᠢᠭᠤᠯᠤᠯ ᠳᠣᠣᠷ᠎ᠠ ᠰᠢᠳᠤ ᠵᠠᠭᠤᠨ ᠲᠡᠰᠪᠦᠷᠢᠯᠡᠵᠦ᠂ ᠡᠴᠦᠰ ᠲᠡᠭᠡᠨ ᠪᠦᠬᠦᠯᠢ 12 | ᠴᠠᠭ ᠬᠡᠷᠡᠭᠰᠡᠨ ᠪᠠᠶᠢᠵᠤ᠂ ᠮᠦᠰᠤᠲ᠋ᠠᠭ ᠤᠨ ᠬᠠᠮᠤᠭ ᠤᠨ ᠥᠨᠳᠥᠷ ᠤᠷᠭᠢᠯ ᠳᠤ ᠠᠪᠠᠷᠢᠨ ᠭᠠᠷᠤᠭᠰᠠᠨ ᠪᠠᠶᠢᠨ᠎ᠠ᠃ | 7 ᠰᠠᠷ᠎ᠠ ᠶᠢᠨ 31 ᠤ ᠦᠳᠡ ᠶᠢᠨ ᠡᠮᠦᠨ᠎ᠡ᠂ ᠪᠤᠭᠤᠲᠤ ᠬᠤᠳᠠ ᠶᠢᠨ ᠶᠡᠷᠡᠨ ᠲᠠᠪᠤᠳᠤᠭᠠᠷ ᠲᠤᠮᠳᠠᠳᠤ ᠰᠤᠷᠭᠠᠭᠤᠯᠢ ᠶᠢᠨ 2024 ᠣᠨ ᠤ ᠥᠨᠳᠥᠷ ᠨᠢᠭᠡ | ᠶᠢᠨ ᠰᠢᠨ᠎ᠡ ᠰᠤᠷᠤᠬᠴᠢ ᠶᠢᠨ ᠴᠡᠷᠢᠭ ᠤᠨ ᠪᠣᠯᠪᠠᠰᠤᠷᠠᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠶᠣᠰᠣᠯᠠᠯ ᠤᠨ ᠲᠠᠷᠠᠭ᠎ᠠ᠂ ᠰᠤᠷᠪᠤᠯᠵᠢᠯᠠᠬᠴᠢ | ᠲᠤᠰ ᠰᠤᠷᠭᠠᠭᠤᠯᠢ ᠶᠢᠨ ᠲᠠᠮᠢᠷ ᠤᠨ ᠲᠠᠯᠠᠪᠠᠢ ᠳᠤ ᠳ᠋ᠦ᠋ ᠬᠠᠨ ᠴᠧᠨ ᠲᠠᠢ ᠠᠭᠤᠯᠵᠠᠬᠤ ᠦᠶᠡᠰ᠂ ᠲᠡᠷᠡ ᠨᠢᠭᠡᠨᠲᠡ ᠥᠨᠳᠥᠷ ᠲᠤᠮᠳᠠᠳᠤ ᠳᠤ ᠲᠠᠪᠰᠢᠬᠤ | ᠰᠢᠯᠭᠠᠯᠲᠠ ᠶᠢᠨ 590.6 ᠬᠤᠪᠢ ᠶᠢᠨ ᠰᠢᠯᠢᠳᠡᠭ ᠬᠢᠷᠢ ᠪᠦᠳᠦᠮᠵᠢ ᠪᠠᠷ ᠡᠨᠡ ᠬᠦ ᠪᠤᠭᠤᠲᠤ ᠬᠤᠳᠠ ᠶᠢᠨ ᠭᠤᠣᠯᠳᠠᠯᠭ᠎ᠠ ᠲᠠᠢ ᠥᠨᠳᠥᠷ ᠲᠤᠮᠳᠠᠳᠤ ᠳᠤ | ᠡᠯᠰᠡᠭᠳᠡᠭᠰᠡᠨ ᠥᠨᠳᠥᠷ ᠨᠢᠭᠡ ᠶᠢᠨ ᠰᠢᠨ᠎ᠡ ᠰᠤᠷᠤᠬᠴᠢ ᠪᠣᠯᠵᠤ᠂ ᠬᠥᠮᠥᠨ ᠤ ᠠᠮᠢᠳᠤᠷᠠᠯ ᠤᠨ ᠪᠠᠰᠠ ᠨᠢᠭᠡ ᠰᠢᠨ᠎ᠡ ᠠᠶᠠᠨ ᠢᠶᠠᠨ ᠡᠬᠢᠯᠡᠭᠦᠯᠦᠭᠰᠡᠨ ᠪᠠᠶᠢᠯ᠎ᠠ᠃ | ᠠᠭᠤᠯᠵᠠᠨ ᠶᠠᠷᠢᠯᠴᠠᠬᠤ ᠦᠶᠡᠰ ᠲᠡᠷᠡ ᠥᠪᠡᠷ ᠤᠨ ᠦᠰᠤᠨ ᠪᠤᠶᠢᠵᠢᠭᠰᠠᠨ ᠥᠩᠭᠡᠷᠡᠯᠲᠡ ᠪᠠᠨ ᠲᠦᠭᠦᠮ ᠲᠠᠨᠢᠯᠴᠠᠭᠤᠯᠤᠯ᠎ᠠ᠃ ᠲᠠᠷᠠ ᠪᠠᠷ ᠪᠠᠭ᠎ᠠ ᠠᠴᠠ ᠪᠠᠨ | ᠴᠠᠰᠤᠨ ᠳᠤ ᠴᠠᠨᠠᠯᠠᠬᠤ ᠳᠤᠷᠠᠲᠠᠢ ᠪᠠᠶᠢᠵᠤ᠂ ᠡᠪᠦᠯ ᠤᠨ ᠠᠮᠠᠷᠠᠯᠲᠠ ᠶᠢᠨ ᠴᠢᠯᠦᠭᠡ ᠪᠠᠷ ᠢᠶᠠᠨ ᠬᠠᠷᠠᠮᠥ᠋ᠷᠡᠨ᠂ ᠭᠢᠷᠢᠨ ᠵᠡᠷᠭᠡ ᠵᠡᠭᠦᠨ ᠬᠤᠶᠢᠲᠤ ᠣᠷᠣᠨ ᠪᠣᠯᠣᠨ | ᠰᠢᠨᠵᠢᠶᠠᠩ᠂ ᠾᠧᠪᠧᠢ ᠪᠠᠷ ᠴᠠᠰᠤᠨ ᠳᠤ ᠴᠠᠨᠠᠯᠠᠵᠤ ᠶᠠᠪᠤᠭᠰᠠᠨ ᠪᠠᠶᠢᠨ᠎ᠠ᠃ ᠨᠢᠳᠤᠨᠤᠨ ᠪᠤᠭᠤᠲᠤ ᠬᠤᠳᠠ ᠶᠢᠨ ᠬᠠᠭᠠᠰ ᠵᠠᠢ ᠶᠢᠨ ᠮᠠᠷᠠᠽᠤᠨ ᠤᠷᠤᠯᠳᠤᠭᠠᠨ ᠳᠤ | ᠤᠷᠤᠯᠴᠠᠵᠦ᠂ 1 ᠴᠠᠭ 56 ᠮᠢᠨᠦ᠋ᠲ ᠤᠨ ᠬᠢᠷᠢ ᠪᠦᠳᠦᠮᠵᠢ ᠣᠯᠵᠠᠢ᠃ ᠥᠩᠭᠡᠷᠡᠭᠰᠡᠨ ᠳᠤ ᠲᠤᠰᠬᠠᠢ ᠲᠠᠮᠢᠷᠴᠢᠨ ᠠᠴᠠ ᠪᠤᠰᠤ ᠬᠥᠮᠥᠨ ᠴᠠᠰᠤᠲᠤ ᠠᠭᠤᠯᠠ | ᠠᠪᠠᠷᠢᠵᠤ ᠪᠤᠯᠬᠤ ᠶᠢ ᠲᠡᠷᠡ ᠮᠡᠳᠡᠬᠦ ᠦᠭᠡᠢ ᠪᠠᠶᠢᠵᠠᠢ᠂ ᠰᠡᠭᠦᠯᠡᠷ ᠨᠢ ᠲᠧᠯᠸᠢᠰ ᠳᠡᠭᠡᠷ᠎ᠡ ᠠᠴᠠ ᠡᠩ ᠤᠨ ᠬᠥᠮᠥᠨ ᠪᠠᠰᠠ ᠵᠦᠮᠤᠯᠠᠩᠮᠠ ᠤᠷᠭᠢᠯ ᠢ ᠠᠪᠠᠷᠢᠭᠰᠠᠨ | ᠮᠡᠳᠡᠭᠡᠯᠡᠯ ᠢ ᠦᠵᠡᠭᠡᠳ ᠴᠠᠰᠤᠲᠤ ᠠᠭᠤᠯᠠ ᠠᠪᠠᠷᠢᠬᠤ ᠳᠤᠷ᠎ᠠ ᠰᠣᠨᠢᠷᠬᠠᠯ ᠲᠠᠢ ᠪᠣᠯᠤᠭᠰᠠᠨ ᠪᠠᠶᠢᠨ᠎ᠠ᠃ ᠡᠨᠡ ᠤᠳᠠᠭ᠎ᠠ ᠮᠦᠰᠤᠲ᠋ᠠᠭ ᠤᠷᠭᠢᠯ ᠢ ᠠᠪᠠᠷᠢᠬᠤ ᠠᠴᠠ ᠪᠠᠨ | ᠡᠮᠦᠨ᠎ᠡ ᠲᠡᠷᠨ ᠬᠠᠭᠠᠰ ᠵᠢᠯ ᠰᠢᠬᠠᠮ ᠤᠨ ᠪᠣᠯᠪᠠᠰᠤᠷᠠᠯ ᠪᠡᠯᠡᠳᠬᠡᠯ ᠬᠢᠵᠦ ᠰᠤᠷᠤᠯᠭ᠎ᠠ ᠬᠢᠴᠢᠶᠡᠯ ᠢᠶᠠᠨ ᠬᠠᠷᠰᠢᠯᠠᠬᠤ ᠦᠭᠡᠢ ᠪᠠᠶᠢᠳᠠᠯ ᠳᠣᠣᠷ᠎ᠠ᠂ ᠠᠰᠠᠷ ᠠᠪᠠᠷᠢᠬᠤ | ᠵᠡᠷᠭᠡ ᠭᠡᠯᠪᠡᠷᠢ ᠪᠠᠷ ᠪᠡᠶ᠎ᠡ ᠮᠠᠬᠠᠪᠤᠳ ᠢᠶᠠᠨ ᠠᠭᠤᠯᠠ ᠠᠪᠠᠷᠢᠬᠤ ᠳᠤ ᠳᠠᠰᠬᠠᠯᠵᠢᠭᠤᠯᠵᠤ᠂ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ᠭᠤᠴᠢᠨ ᠳᠠᠪᠬᠤᠷ ᠥᠨᠳᠥᠷ | ᠠᠰᠠᠷ ᠤᠨ ᠱᠠᠲᠤ ᠶᠢ ᠲᠠᠪᠤ ᠤᠳᠠᠭ᠎ᠠ ᠠᠪᠠᠷᠢᠵᠤ ᠥᠩᠭᠡᠷᠡᠭᠰᠡᠨ ᠪᠠᠶᠢᠨ᠎ᠠ᠃ | ᠬᠤᠵᠢᠮ ᠤᠨ ᠲᠥᠯᠥᠪᠯᠡᠭᠡ ᠶᠢᠨ ᠢᠶᠠᠨ ᠲᠤᠬᠠᠢ ᠶᠠᠷᠢᠬᠤ ᠳᠠᠭᠠᠨ᠂ ᠥᠨᠳᠥᠷ ᠲᠤᠮᠳᠠᠳᠤ ᠳᠠᠭᠠᠨ ᠰᠤᠷᠤᠯᠭ᠎ᠠ ᠬᠢᠴᠢᠶᠡᠯ ᠢᠶᠠᠨ ᠠᠳᠬᠤᠬᠤ ᠶᠢᠨ ᠳᠠᠭᠠᠤ᠂ ᠲᠠᠯᠠᠢ | ᠶᠢᠨ ᠲᠦᠪᠰᠢᠨ ᠠᠴᠠ ᠲᠠᠪᠤ ᠵᠢᠷᠭᠤᠭᠠᠨ ᠮᠢᠩᠭᠠᠨ ᠮᠧᠳ᠋ᠷ ᠥᠨᠳᠥᠷ ᠴᠠᠰᠤᠲᠤ ᠠᠭᠤᠯᠠ ᠶᠢ ᠲᠥᠯᠥᠪᠯᠡᠭᠡ ᠲᠠᠢ ᠪᠠᠷ ᠠᠪᠠᠷᠢᠨ᠂ ᠠᠭᠤᠯᠠ ᠠᠪᠠᠷᠢᠬᠤ ᠳᠠᠰᠬᠠᠯᠵᠢᠯ ᠤᠨ | ᠪᠠᠶᠢᠳᠠᠯ ᠢᠶᠠᠨ ᠦᠷᠭᠦᠯᠵᠢᠯᠡᠨ ᠬᠠᠳᠠᠭᠠᠯᠠᠬᠤ ᠪᠣᠯᠣᠨ᠎ᠠ᠃ ᠲᠡᠭᠦᠨ ᠤ ᠲᠠᠷᠠᠭᠠᠴᠢ ᠶᠢᠨ ᠬᠠᠷᠠᠯᠲᠠ ᠪᠣᠯ ᠵᠦᠮᠤᠯᠠᠩᠮᠠ ᠤᠷᠭᠢᠯ ᠢ ᠠᠪᠠᠷᠢᠬᠤ ᠶᠠᠪᠤᠳᠠᠯ ᠪᠣᠯᠣᠨ᠎ᠠ᠃ ᠡᠨᠡ | ᠬᠦ ᠬᠦᠰᠡᠯ ᠢᠶᠠᠨ ᠲᠡᠷᠡ ᠶᠡᠭᠡ ᠰᠤᠷᠭᠠᠭᠤᠯᠢ ᠶᠢᠨ ᠬᠤᠭᠤᠴᠠᠭᠠᠨ ᠳᠠᠭᠠᠨ ᠪᠡᠶᠡᠯᠡᠭᠦᠯᠬᠦ ᠪᠠᠷ ᠵᠣᠷᠢᠵᠤ ᠪᠠᠶᠢᠨ᠎ᠠ᠃ |