ᠰᠤᠷᠭᠠᠨ ᠬᠥᠮᠦᠵᠢᠯ ᠤᠨ ᠶᠠᠮᠤᠨ ᠠᠴᠠ ᠵᠢᠯᠤᠭᠤᠳᠴᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ | ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠢ ᠵᠣᠯᠭᠠᠭᠤᠯᠬᠤ ᠬᠤᠷᠠᠯ ᠣᠶᠢᠷ᠎ᠠ ᠳᠤ ᠥᠪᠥᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ | ᠬᠤᠷᠠᠯ ᠳᠡᠭᠡᠷ᠎ᠡ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ᠂ ᠥᠪᠥᠷ | ᠮᠣᠩᠭᠤᠯ ᠤᠨ ᠮᠠᠰᠢᠨ ᠴᠠᠭᠢᠯᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠨᠤᠭᠤᠳ ᠠᠵᠢᠯ ᠣᠯᠭᠤᠯᠲᠠ ᠶᠢᠨ | ᠪᠣᠯᠪᠠᠰᠤᠷᠠᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠰᠣᠷᠣᠬᠴᠢ ᠶᠢᠨ ᠠᠵᠢᠯ ᠮᠡᠷᠭᠡᠵᠢᠯ ᠤᠨ ᠴᠢᠳᠠᠪᠤᠷᠢ ᠶᠢ ᠲᠡᠭᠡᠭᠰᠢᠯᠡᠭᠦᠯᠭᠦ᠂ ᠳᠠᠳᠤᠯᠭ᠎ᠠ ᠪᠣᠯᠪᠠᠰᠤᠷᠠᠯ | ᠥᠷᠨᠢᠭᠦᠯᠬᠦ᠂ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ᠂ ᠠᠵᠢᠯ ᠤᠨ ᠪᠠᠶᠢᠷᠢ ᠲᠠᠨᠢᠯᠴᠠᠭᠤᠯᠬᠤ᠂ ᠠᠵᠢᠯ ᠮᠡᠷᠭᠡᠵᠢᠯ ᠤᠨ ᠲᠥᠯᠦᠪᠵᠢᠭᠦᠯᠭᠡ ᠬᠢᠬᠦ ᠵᠡᠷᠭᠡ | ᠣᠯᠠᠨ ᠲᠠᠯ᠎ᠠ ᠠᠴᠠ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠬᠠᠪᠰᠤᠷᠤᠨ ᠲᠡᠳᠬᠦᠬᠦ ᠠᠵᠢᠯ ᠳᠤ ᠣᠯᠣᠭᠰᠠᠨ ᠠᠮᠵᠢᠯᠲᠠ ᠲᠠᠢ ᠲᠤᠷᠰᠢᠯᠭ᠎ᠠ ᠪᠠ | ᠰᠢᠨ᠎ᠡ ᠶᠢ ᠡᠭᠦᠳᠦᠭᠰᠡᠨ ᠠᠷᠭ᠎ᠠ ᠬᠢᠳᠡᠯ ᠢᠶᠠᠨ ᠬᠤᠪᠢᠶᠠᠯᠴᠠᠪᠠ᠃ ᠬᠤᠷᠠᠯ ᠤᠨ ᠬᠤᠭᠤᠴᠠᠭᠠᠨ ᠳᠤ ᠪᠠᠰᠠ ᠰᠦᠯᠵᠢᠶᠡᠨ ᠳᠠᠬᠢ ᠠᠵᠢᠯᠲᠠᠨ ᠤᠷᠢᠵᠤ ᠡᠯᠰᠡᠬᠦ | ᠴᠤᠭᠯᠠᠭᠠᠨ ᠢ ᠵᠡᠷᠭᠡ ᠪᠠᠷ ᠡᠷᠭᠢᠯᠡᠵᠦ᠂ 329 ᠠᠵᠤ ᠠᠬᠤᠶᠢᠯᠠᠯ ᠤᠷᠤᠯᠴᠠᠵᠤ᠂ 4905 ᠠᠵᠢᠯ ᠤᠨ ᠪᠠᠶᠢᠷᠢ ᠬᠠᠩᠭᠠᠵᠠᠢ᠃ | ᠬᠤᠷᠠᠯ ᠳᠡᠭᠡᠷ᠎ᠡ᠂ ᠰᠤᠷᠭᠠᠭᠤᠯᠢ ᠪᠠ ᠠᠵᠤ ᠠᠬᠤᠶᠢᠯᠠᠯ ᠢ ᠵᠣᠯᠭᠠᠭᠤᠯᠬᠤ ᠭᠤᠭᠴᠤᠭ᠎ᠠ ᠲᠣᠬᠢᠷᠠᠭᠤᠯᠵᠤ᠂ ᠶᠡᠭᠡ ᠳᠡᠭᠡᠳᠦ ᠰᠤᠷᠭᠠᠭᠤᠯᠢ ᠪᠣᠯᠣᠨ ᠬᠥᠮᠥᠨ ᠬᠡᠷᠡᠭᠯᠡᠬᠦ | ᠨᠢᠭᠡᠴᠢ ᠶᠢᠨ ᠲᠥᠯᠥᠭᠡᠯᠡᠭᠴᠢ ᠠᠴᠠ ᠲᠡᠭᠦᠰᠬᠦ ᠰᠤᠷᠤᠬᠴᠢᠳ ᠤᠨ ᠲᠤᠰᠬᠠᠢ ᠮᠡᠷᠭᠡᠵᠢᠯ ᠤᠨ ᠣᠨᠴᠠᠯᠢᠭ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠬᠡᠷᠡᠭᠴᠡᠭᠡ᠂ | ᠵᠠᠰᠠᠭ ᠤᠨ ᠣᠷᠳᠣᠨ ᠪᠠ ᠰᠤᠷᠭᠠᠭᠤᠯᠢ ᠠᠵᠤ ᠠᠬᠤᠶᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠠᠷᠭ᠎ᠠ ᠭᠡᠯᠪᠡᠷᠢ ᠵᠡᠷᠭᠡ | ᠲᠠᠯ᠎ᠠ ᠪᠠᠷ ᠭᠦᠨᠵᠡᠭᠡᠢ ᠰᠣᠯᠢᠯᠴᠠᠵᠠᠢ᠃ | ︽ᠬᠤᠷᠠᠯ ᠨᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠨᠡᠩ ᠣᠯᠠᠨ ᠠᠵᠢᠯ ᠣᠯᠭᠤᠬᠤ ᠲᠣᠭᠢᠶᠠᠯ ᠬᠠᠩᠭᠠᠭᠰᠠᠨ ᠢᠶᠠᠷ ᠪᠠᠷᠠᠬᠤ ᠦᠭᠡᠢ᠂ ᠶᠡᠭᠡ ᠳᠡᠭᠡᠳᠦ | ᠰᠤᠷᠭᠠᠭᠤᠯᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠵᠣᠯᠭᠠᠭᠤᠯᠵᠠᠢ︾ ᠭᠡᠵᠦ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃ |