ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ | ᠳᠡᠮᠵᠢᠬᠦ ᠶᠢᠨ ᠲᠥᠯᠥᠭᠡ᠂ 2022 ᠣᠨ ᠠᠴᠠ ᠡᠬᠢᠯᠡᠵᠦ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ | ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ ᠲᠣᠬᠢᠷᠠᠭᠤᠯᠵᠤ᠂ 2024 ᠣᠨ ᠪᠤᠯᠲᠠᠯ᠎ᠠ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠠᠴᠠ ᠲᠣᠰ ᠲᠥᠷᠥᠯ ᠤᠨ ᠵᠠᠷᠤᠳᠠᠯ ᠢ ᠨᠡᠶᠢᠲᠡ 4.5 ᠳ᠋ᠦᠩᠰᠢᠭᠤᠷ ᠲᠥᠭᠦᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ | ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠬᠡᠷᠡᠭᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ | ᠠᠵᠢᠯ ᠤᠨ ᠵᠠᠷᠤᠳᠠᠯ ᠢ ᠬᠡᠷᠡᠭᠯᠡᠬᠦ ᠴᠢᠭᠯᠡᠯ ᠳᠤ᠄ ᠪᠦᠬᠦᠯᠢ 45 ᠨᠠᠰᠤᠨ ᠠᠴᠠ ᠳᠣᠷᠣᠭᠰᠢᠬᠢ ᠵᠠᠯᠠᠭᠤ ᠪᠠᠭᠰᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ | ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠭᠦ ᠶᠢ ᠭᠤᠣᠯᠳᠠᠯᠭ᠎ᠠ ᠲᠠᠢ ᠳᠡᠮᠵᠢᠨ᠎ᠡ ; ᠰᠤᠷᠭᠠᠭᠤᠯᠢ ᠳᠤ ᠪᠠᠶᠢᠭ᠎ᠠ ᠰᠢᠯᠢᠳᠡᠭ ᠰᠤᠷᠤᠬᠴᠢᠳ ᠤᠨ ᠦᠨᠳᠦᠰᠦᠨ ᠰᠢᠨᠵᠢᠯᠡᠬᠦ | ᠤᠬᠠᠭᠠᠨ ᠤ ᠰᠤᠳᠤᠯᠭᠠᠨ ᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠳᠠᠮᠵᠢᠨ᠎ᠠ ; ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ | ᠰᠢᠨ᠎ᠡ ᠶᠢ ᠡᠭᠦᠳᠬᠦ ᠪᠦᠯᠭᠦᠮ ᠨᠡᠶᠢᠲᠡ ᠶᠢᠨ ᠪᠠᠶᠢᠭᠤᠯᠤᠯᠲᠠ ᠶᠢ ᠳᠡᠮᠵᠢᠨ᠎ᠡ ; ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠲᠠᠪᠴᠠᠩ ᠤᠨ | ᠴᠢᠳᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ ; ᠣᠯᠠᠨ ᠰᠢᠨᠵᠢᠯᠡᠭᠡᠨ ᠰᠣᠯᠪᠢᠴᠠᠭᠰᠠᠨ ᠰᠠᠭᠤᠷᠢ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠪᠠ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠤᠳᠤᠯᠭᠠᠨ ᠥᠷᠨᠢᠭᠦᠯᠬᠦ ᠶᠢ ᠳᠡᠮᠵᠢᠵᠦ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠠᠭᠤᠷᠢ ᠴᠢᠨᠠᠷᠲᠠᠢ ᠠᠵᠢᠯ ᠢ ᠴᠢᠩᠭᠠᠳᠬᠠᠨ᠎ᠠ᠃ | 3 ᠵᠢᠯ ᠳᠠᠷᠠᠭᠠᠯᠠᠨ ᠪᠡᠯᠡ ᠮᠥᠩᠭᠦ ᠶᠢᠨ ᠳᠡᠮᠵᠢᠯᠭᠡ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢᠯᠡᠷᠬᠡᠢ ᠨᠡᠮᠡᠭᠳᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ ᠶᠢ ᠣᠯᠣᠭᠰᠠᠨ ᠪᠦᠬᠦᠯᠢ | 45 ᠨᠠᠰᠤᠨ ᠠᠴᠠ ᠳᠣᠷᠣᠭᠰᠢᠬᠢ ᠵᠠᠯᠠᠭᠤ ᠪᠠᠭᠰᠢ ᠶᠢᠨ ᠲᠤᠭ᠎ᠠ ᠨᠡᠯᠢᠶᠡᠳ ᠲᠦᠷᠭᠡᠨ ᠨᠡᠮᠡᠭᠳᠡᠬᠦ ᠶᠢ ᠪᠡᠶᠡᠯᠡᠭᠦᠯᠵᠦ᠂ ᠪᠠᠶᠢᠭᠠᠯᠢ ᠶᠢᠨ ᠰᠢᠨᠵᠢᠯᠡᠬᠦ ᠤᠬᠠᠭᠠᠨ᠂ | ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠴᠠᠭ ᠲᠤᠬᠠᠢ ᠳᠤᠨᠢ ᠡᠬᠢᠯᠡᠭᠦᠯᠬᠦ ᠶᠢᠨ ᠬᠠᠮᠲᠤ | ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠠᠢ᠃ ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠶᠢᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ | ᠠᠵᠢᠯ ᠤᠨ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠠᠷᠤᠳᠠᠯ ᠤᠨ ᠬᠠᠮᠢᠶᠠᠷᠤᠯᠲᠠ ᠶᠢᠨ ᠲᠣᠭᠲᠠᠴᠠ ᠶᠢ | ᠰᠠᠶᠢᠵᠢᠷᠠᠭᠤᠯᠤᠨ᠂ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ | ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ ᠲᠣᠭᠲᠠᠭᠤᠨ ᠢᠶᠠᠷ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︽ᠰᠢᠪᠲᠤᠯᠤᠯᠲᠠ︾ ᠶᠢᠨ ᠢᠨᠵᠧᠨᠧᠷᠢᠩ ᠤᠨ ᠤᠷᠤᠭᠰᠢᠲᠠᠢ ᠬᠡᠷᠡᠭᠵᠢᠭᠦᠯᠦᠭᠳᠡᠬᠦ ᠳᠤ ᠬᠦᠴᠦᠨ ᠨᠡᠮᠡᠷᠢᠯᠡᠬᠦ ᠪᠣᠯᠣᠨ᠎ᠠ᠃ |