ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ 12 ᠤᠨ ᠡᠳᠦᠷ ︽2024 ᠣᠨ ᠤ ᠶᠡᠭᠡ ᠳᠤᠮᠳᠠ ᠬᠤᠳᠠ ᠬᠠᠮᠲᠤᠷᠠᠨ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠨ ᠡᠯᠰᠡᠬᠦ ᠨᠠᠮᠤᠷ ᠤᠨ ᠤᠯᠠᠷᠢᠯ ᠤᠨ ᠲᠤᠰᠬᠠᠢ ᠲᠠᠯᠠᠪᠠᠢ ᠠᠵᠢᠯᠯᠠᠭ᠎ᠠ︾ ᠶᠢ ᠡᠬᠢᠯᠡᠭᠦᠯᠪᠡ᠂ ᠠᠵᠢᠯᠯᠠᠭ᠎ᠠ ᠨᠢ 11 | ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠬᠦ ᠪᠣᠯᠣᠨ᠎ᠠ᠃ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠣᠯᠭᠤᠯᠲᠠ ᠶᠢ ᠠᠬᠢᠭᠤᠯᠬᠤ ᠵᠤᠷᠭᠠᠨ ᠤ ᠬᠤᠯᠪᠣᠭᠳᠠᠯ ᠪᠦᠬᠦᠢ | ᠬᠠᠷᠢᠭᠤᠴᠠᠯᠭᠠᠲᠠᠨ᠂ ᠲᠣᠰ ᠤᠳᠠᠭ᠎ᠠ ᠶᠢᠨ ᠠᠵᠢᠯᠯᠠᠭ᠎ᠠ ᠳᠤ ᠰᠢᠷᠢᠰ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ ᠶᠢ ᠡᠷᠭᠢᠯᠡᠨ᠎ᠡ᠂ ᠡᠭᠦᠨ | ᠳᠤ ᠠᠵᠤ ᠦᠢᠯᠡᠰ ᠤᠨ ᠬᠥᠭᠵᠢᠯᠲᠡ ᠶᠢᠨ ᠬᠤᠰᠢᠭᠤᠷᠠᠯ ᠬᠦᠷᠢᠶ᠎ᠡ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠠᠵᠤ ᠠᠬᠤᠢ᠂ ᠪᠤᠭᠤᠷᠤᠯᠴᠤᠳ ᠤᠨ | ᠠᠵᠤ ᠠᠬᠤᠢ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ | ᠪᠠᠭᠲᠠᠨ᠎ᠠ᠂ ᠪᠠᠰᠠ ᠡᠮ ᠡᠮᠨᠡᠯᠭᠡ ᠡᠷᠡᠭᠦᠯ ᠬᠠᠮᠠᠭᠠᠯᠠᠯ᠂ ᠲᠤᠰᠬᠠᠶᠢᠵᠢᠭᠰᠠᠨ ᠨᠠᠷᠢᠯᠢᠭᠵᠢᠭᠰᠠᠨ ᠤᠨᠴᠠᠯᠢᠬᠵᠢᠬᠰᠠᠨ ᠰᠢᠨ᠎ᠡ᠂ ᠲᠡᠷᠢᠭᠦᠨ ᠤ ᠦᠢᠯᠡᠳᠬᠦ ᠦᠢᠯᠡᠰ᠂ | ᠰᠢᠨ᠎ᠡ ᠡᠨᠧᠷᠭᠢ ᠵᠡᠷᠭᠡ ᠠᠵᠢᠯ ᠲᠥᠷᠥᠯ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠪᠤᠢ᠃ ᠡᠭᠦᠨ ᠤ ᠬᠠᠮᠲᠤ ᠤᠯᠤᠰ ᠤᠨ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠴᠢᠨᠠᠷᠲᠠᠢ ᠲᠤᠰᠬᠠᠢ ᠠᠵᠢᠯᠲᠠᠨ ᠠᠵᠢᠯᠴᠢᠨ ᠡᠯᠰᠡᠬᠦ ᠴᠤᠭᠯᠠᠭᠠᠨ ᠢ | ᠡᠷᠭᠢᠯᠡᠨ᠎ᠡ ᠭᠡᠵᠦ ᠲᠠᠨᠢᠯᠴᠠᠭᠤᠯᠵᠠᠢ᠃ | ᠲᠣᠰ ᠤᠳᠠᠭ᠎ᠠ ᠶᠢᠨ ᠠᠵᠢᠯᠯᠠᠭ᠎ᠠ ᠳᠤ ᠲᠣᠭᠠᠴᠢᠯᠠᠭᠰᠠᠨ ᠣᠶᠤᠨᠴᠢ ᠤᠨᠤᠪᠴᠢᠳᠠᠢ ᠦᠢᠯᠡᠴᠢᠯᠡᠭᠡ ᠶᠢ ᠴᠢᠩᠭᠠᠳᠬᠠᠬᠤ ᠪᠠᠷ ᠭᠢᠯᠠᠰ ᠴᠡᠭ ᠪᠤᠯᠭᠠᠵᠤ᠂ AI ᠵᠡᠷᠭᠡ | ᠰᠢᠨ᠎ᠡ ᠮᠡᠷᠭᠡᠵᠢᠯ ᠢ ᠶᠡᠭᠡ ᠪᠠᠷ ᠣᠷᠣᠭᠤᠯᠤᠨ ᠠᠪᠴᠢᠷᠠᠵᠤ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠠᠵᠢᠯᠯᠠᠭ᠎ᠠ ᠶᠢ ᠨᠢᠭᠡ ᠴᠣᠭᠴᠠᠵᠢᠭᠤᠯᠬᠤ ᠦᠢᠯᠡᠴᠢᠯᠡᠭᠡ ᠶᠢ ᠠᠬᠢᠭᠤᠯᠵᠤ᠂ ᠬᠥᠮᠥᠨ ᠪᠠ ᠠᠵᠢᠯ ᠤᠨ | ᠪᠠᠶᠢᠷᠢ ᠶᠢᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠡᠯᠰᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠲᠣᠰ ᠠᠵᠢᠯᠯᠠᠭ᠎ᠠ ᠳᠤ ᠪᠠᠰᠠ ᠠᠵᠢᠯᠲᠠᠨ ᠠᠵᠢᠯᠴᠢᠨ ᠡᠯᠰᠡᠬᠦ ᠰᠦᠯᠵᠢᠶ᠎ᠡ ᠳᠤ ᠲᠣᠪᠴᠢ ᠨᠠᠮᠲᠠᠷ ᠢᠶᠠᠨ ᠥᠭᠬᠦ᠂ ᠸᠢᠳᠢᠤ᠋ ᠪᠠᠷ ᠨᠢᠭᠤᠷᠲᠠᠨ ᠰᠢᠯᠭᠠᠬᠤ᠂ ᠰᠦᠯᠵᠢᠶᠡᠨ | ᠳᠡᠭᠡᠷ᠎ᠡ ᠵᠥᠪᠳᠡᠯᠴᠡᠬᠦ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠵᠡᠷᠭᠡ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠲᠠᠨᠢᠯᠴᠠᠭᠤᠯᠬᠤ ᠠᠵᠢᠯᠯᠠᠭ᠎ᠠ ᠡᠷᠭᠢᠯᠡᠵᠦ᠂ ᠠᠵᠢᠯ ᠡᠷᠢᠬᠦ ᠶᠢ ᠨᠡᠩ ᠳᠦᠭᠦᠮ ᠲᠦᠷᠭᠡᠨ | ᠪᠣᠯᠭᠠᠵᠠᠢ᠃ | ᠲᠠᠨᠢᠯᠴᠠᠭᠤᠯᠤᠭᠰᠠᠨ ᠢᠶᠠᠷ᠂ ᠠᠵᠢᠯᠯᠠᠭ᠎ᠠ ᠨᠢ ᠪᠦᠭᠦ ᠤᠯᠤᠰ ᠤᠨ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ | 2400 ᠭᠠᠷᠤᠢ ᠪᠠᠶᠢᠭᠤᠯᠤᠮᠵᠢ ᠶᠢ ᠳᠠᠶᠢᠴᠢᠯᠠᠵᠤ᠂ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠣᠷᠣᠨ ᠪᠦᠰᠡ ᠳᠤ ᠬᠠᠨᠳᠤᠭᠤᠯᠤᠭᠰᠠᠨ ᠲᠤᠰᠬᠠᠢ ᠲᠠᠯᠠᠪᠠᠢ | ᠠᠵᠢᠯᠲᠠᠨ ᠠᠵᠢᠯᠴᠢᠨ ᠡᠯᠰᠡᠬᠦ ᠴᠤᠭᠯᠠᠭᠠᠨ ᠵᠢᠴᠢ ᠠᠵᠢᠯ ᠣᠯᠭᠤᠯᠲᠠ ᠶᠢᠨ ᠦᠢᠯᠡᠴᠢᠯᠡᠭᠡ ᠶᠢ ᠲᠠᠰᠤᠷᠠᠯᠳᠠ ᠦᠭᠡᠢ ᠬᠠᠩᠭᠠᠬᠤ ᠪᠣᠯᠣᠨ᠎ᠠ᠃ |