【 ᠯᠧᠢ ᠹᠧᠩ ᠠᠴᠠ ᠰᠤᠷᠤᠯᠴᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ 】ᠠ ᠯᠢ ᠾᠧ ᠪᠠᠯᠭᠠᠰᠤ ︽ᠯᠧᠢ ᠹᠧᠩ ᠠᠴᠠ ᠰᠤᠷᠤᠯᠴᠠᠵᠤ᠂ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/2
    ᠯᠸᠢ ᠹᠧᠩ ᠤᠨ ᠵᠣᠷᠢᠭ ᠰᠠᠨᠠᠭ᠎ᠠ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠡᠷᠬᠢᠮᠯᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠬᠤ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤᠨ ᠤ ᠡᠮᠡᠭᠲᠡᠶᠢᠴᠦᠳ ᠤᠨ ᠬᠤᠯᠪᠣᠭ᠎ᠠ᠂ ᠡᠪᠯᠡᠯ ᠤᠨ ᠬᠤᠷᠢᠶ᠎ᠠ᠂ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠬᠠᠮᠲᠤ ᠪᠠᠷ ︽ᠯᠸᠢ ᠹᠧᠩ ᠠᠴᠠ ᠰᠤᠷᠤᠯᠴᠠᠵᠤ᠂ ᠬᠠᠶᠢᠷ᠎ᠠ ᠬᠠᠯᠠᠮᠵᠢ ᠬᠦᠷᠭᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠲᠣᠰ ᠲᠣᠰ ᠬᠠᠷᠢᠶ᠎ᠠ ᠣᠷᠣᠨ ᠤ ᠪᠠᠨ ᠬᠡᠷ ᠲᠡᠭᠡᠨ ᠬᠤᠴᠣᠷᠤᠭᠰᠠᠨ ᠨᠠᠰᠤᠲᠠᠨ᠂ ᠬᠦᠴᠢᠷᠳᠡᠯᠲᠡᠶ ᠬᠡᠤᠬᠡᠳ ᠲᠤ ᠠᠮᠤ ᠪᠤᠳᠠᠭ᠎ᠠ᠂ ᠲᠣᠰᠣ ᠵᠡᠷᠭᠡ ᠲᠣᠬᠤᠨᠢᠭᠤᠯᠬᠤ ᠪᠣᠳᠠᠰ ᠬᠦᠷᠭᠡᠵᠦ᠂ ᠲᠡᠳᠡᠨ ᠢ ᠬᠠᠪᠰᠤᠷᠤᠨ ᠬᠡᠷ ᠤᠨ ᠠᠵᠢᠯ ᠢ ᠨᠢ ᠡᠮᠬᠢᠯᠡᠬᠦ ᠶᠢᠨ ᠬᠠᠮᠲᠤ ᠭᠠᠯ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠪᠠ᠃    ᠭᠡᠷ ᠢᠶᠠᠨ ᠰᠠᠬᠢᠵᠤ ᠬᠤᠴᠣᠷᠤᠭᠰᠠᠨ ᠨᠠᠰᠤᠲᠠᠳ ᠤᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠢᠳᠡᠵᠦ ᠤᠤᠭᠤᠬᠤ ᠤᠨᠲᠠᠵᠤ ᠬᠡᠪᠲᠡᠬᠦ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠬᠤ ᠶᠢᠨ ᠬᠠᠮᠲᠤ ᠲᠡᠭᠦᠨ ᠢ ᠪᠡᠶ᠎ᠡ ᠪᠠᠨ ᠬᠢᠴᠢᠶᠡᠵᠦ᠂ ᠠᠮᠢᠳᠤᠷᠠᠯ ᠤᠨ ᠲᠠᠯ᠎ᠠ ᠪᠠᠷ ᠬᠡᠷᠪᠡ ᠬᠦᠴᠢᠷᠳᠡᠯ ᠲᠠᠢ ᠪᠣᠯ ᠡᠷᠬᠡᠪᠰᠢ ᠴᠠᠭ ᠲᠤᠬᠠᠶ ᠳᠤᠨᠢ ᠪᠠᠶᠢᠭ᠎ᠠ ᠨᠡᠶᠢᠭᠡᠮ ᠲᠣᠭᠤᠷᠢᠭ ᠲᠠᠢ ᠨᠡᠪᠲᠡᠷᠡᠯᠴᠡᠨ ᠬᠠᠷᠢᠯᠴᠠᠬᠤ ᠬᠡᠷᠡᠭᠲᠡᠶ ᠭᠡᠵᠦ ᠵᠠᠬᠢᠪᠠ᠃    ᠶᠠᠳᠠᠭᠤ ᠬᠦᠴᠢᠷᠳᠡᠯᠲᠡᠶ ᠬᠡᠤᠬᠡᠳ ᠤᠨ ᠬᠡᠷ ᠲᠤ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠦᠴᠢᠷᠳᠡᠯ ᠳᠤ ᠲᠤᠯᠭᠠᠷᠠᠭᠰᠠᠨ ᠬᠡᠤᠬᠡᠳ ᠤᠨ ᠬᠡᠷ ᠤᠨ ᠠᠬᠠᠮᠠᠳ ᠤᠨ ᠵᠠᠭᠠᠯᠳᠤᠯᠭ᠎ᠠ ᠶᠢ ᠬᠢᠨᠠᠮᠠᠭᠠᠶ ᠰᠣᠨᠣᠰᠬᠤ ᠶᠢᠨ ᠬᠠᠮᠲᠤ ᠲᠡᠳᠡᠨ ᠳᠤ ᠵᠥᠪ ᠬᠡᠷ ᠪᠦᠯᠢ ᠶᠢᠨ ᠬᠥᠮᠦᠵᠢᠯ ᠤᠨ ᠣᠶᠢᠯᠠᠭᠠᠭᠳᠠᠬᠤᠨ ᠢ ᠬᠤᠪᠢᠶᠠᠯᠴᠠᠪᠠ᠃ ᠡᠭᠦᠨ ᠤ ᠬᠠᠮᠲᠤ᠂ ᠬᠡᠦᠬᠡᠳ ᠤᠳ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠲᠡᠳᠡᠨ ᠤ ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠬᠡᠦᠬᠡᠳ ᠤᠳ ᠢ ᠪᠡᠶ᠎ᠡ ᠪᠠᠨ ᠳᠠᠭᠠᠭᠠᠨ ᠬᠦᠴᠦᠷᠬᠡᠭᠵᠢᠵᠦ᠂ ᠪᠠᠶᠠᠰᠤᠩᠭᠤᠶ ᠥᠭᠡᠳᠡᠷᠬᠡᠭ ᠪᠠᠶᠢᠵᠤ᠂ ᠴᠢᠷᠮᠠᠶᠢᠨ ᠰᠤᠷᠤᠯᠴᠠᠵᠤ᠂ ᠰᠥᠰᠥ ᠵᠣᠷᠢᠭ ᠪᠠ ᠢᠲᠡᠭᠡᠯ ᠵᠣᠷᠢᠭ ᠢᠶᠠᠷ ᠠᠮᠢᠳᠤᠷᠠᠯ ᠤᠨ ᠳᠤᠮᠳᠠᠬᠢ ᠬᠦᠴᠢᠷᠳᠡᠯ ᠢ ᠢᠯᠠᠨ ᠳᠠᠪᠠᠭ᠋ᠤ ᠬᠡᠷᠡᠭᠲᠡᠶ ᠭᠡᠵᠦ ᠵᠣᠷᠢᠭᠵᠢᠭᠤᠯᠪᠠ᠃    ᠲᠣᠰ ᠤᠳᠠᠭᠠᠨ ᠤ ︽ᠯᠸᠢ ᠹᠧᠩ ᠠᠴᠠ ᠰᠤᠷᠤᠯᠴᠠᠵᠤ᠂ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠨᠢ ᠲᠤᠰᠠᠯᠠᠮᠵᠢ ᠬᠦᠷᠲᠡᠭᠰᠡᠳ ᠲᠤ ᠮᠥᠨ ᠴᠢᠨᠠᠷ ᠤᠨ ᠬᠠᠪᠰᠤᠷᠤᠯᠭ᠎ᠠ ᠦᠵᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠯᠸᠢ ᠹᠧᠩ ᠤᠨ ᠵᠣᠷᠢᠭ ᠰᠠᠨᠠᠭᠠᠨ ᠤ ᠦᠨᠡᠨ ᠶᠣᠰᠣ ᠶᠢ ᠭᠦᠨᠵᠡᠭᠡᠶ ᠣᠶᠢᠯᠠᠭᠠᠭᠤᠯᠤᠭᠰᠠᠨ ᠪᠠᠶᠢᠨ᠎ᠠ᠃ ᠲᠡᠳᠡ ᠥᠪᠡᠷ ᠤᠨ ᠠᠵᠢᠯᠯᠠᠭ᠎ᠠ ᠪᠠᠷ ᠢᠶᠠᠨ ᠨᠡᠶᠢᠭᠡᠮ ᠤᠨ ᠢᠳᠡᠪᠬᠢ ᠬᠦᠴᠦᠨ ᠢ ᠳᠠᠮᠵᠢᠭᠤᠯᠵᠤ᠂ ᠨᠡᠩ ᠤᠯᠠᠨ ᠬᠥᠮᠦᠨ ᠳᠤ ᠬᠠᠶᠢᠷ᠎ᠠ ᠶᠢᠨ ᠬᠦᠴᠦᠨ ᠢ ᠮᠡᠳᠡᠷᠡᠭᠦᠯᠪᠡ᠃    ᠢᠷᠡᠭᠡᠳᠦᠢ ᠳᠤ᠂ ᠠ ᠯᠢ ᠾᠧ ᠪᠠᠯᠭᠠᠰᠤ ᠯᠧᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ︽ᠯᠧᠢ ᠹᠧᠩ ᠠᠴᠠ ᠰᠤᠷᠤᠯᠴᠠᠬᠤ︾ ᠰᠢᠷᠢᠰ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠳᠤ ᠨᠡᠩ ᠣᠯᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠯᠧᠢ ᠹᠧᠩ ᠤᠨ ᠵᠣᠷᠢᠭ ᠰᠠᠨᠠᠭ᠎ᠠ ᠶᠢ ᠪᠦᠬᠦ ᠪᠠᠯᠭᠠᠰᠤᠨ ᠤ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠤᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ