ᠰᠦᠯᠵᠢᠶᠡᠨ ᠤ ᠮᠡᠬᠡᠯᠡᠯ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠪᠣᠯ ᠰᠠᠭᠤᠭᠠᠯᠢ ᠠᠷᠠᠳ ᠤᠨ ᠡᠳ᠋ ᠬᠥᠷᠥᠩᠭᠡ ᠶᠢ ᠬᠤᠬᠢᠷᠠᠭᠤᠯᠬᠤ ᠶᠢᠨ ᠴᠢᠬᠤᠯᠠ | ᠡᠯᠧᠮᠧᠨ᠋ᠲ ᠤᠨ ᠨᠢᠭᠡ ᠮᠥᠨ᠂ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠬᠠᠷᠢᠶᠠᠲᠤ ᠣᠷᠣᠨ ᠤ ᠠᠵᠢᠯ ᠠᠴᠠ ᠪᠠᠨ ᠠᠮᠠᠷᠠᠭᠰᠠᠨ ᠨᠠᠰᠤᠲᠠᠶᠢᠴᠤᠳ ᠤᠨ ᠬᠤᠪᠢ ᠬᠥᠮᠦᠨ ᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ ᠶᠤᠮ᠃ ᠭᠦ ᠯᠢ ᠰᠢᠶᠠᠩ ᠤᠨ ᠰᠢᠩ ᠱᠧᠩ ᠨᠡᠢᠭᠡᠮ ᠲᠣᠭᠤᠷᠢᠭ ᠤᠨ ᠠᠨᠠᠷ ᠤᠨ ᠦᠷ᠎ᠡ ᠶᠢᠨ ᠰᠠᠢᠨ | ᠳᠤᠷ᠎ᠠ ᠶᠢᠨ ᠦᠢᠯᠡᠴᠢᠯᠡᠭᠡᠨ ᠤ ᠠᠩᠭᠢ ᠴᠠᠬᠢᠯᠭᠠᠨ ᠬᠤᠯᠪᠣᠭ᠎ᠠ ᠲᠣᠣᠷ ᠰᠦᠯᠵᠢᠶᠡᠨ ᠤ ᠮᠡᠬᠡᠯ ᠡᠯ ᠢ ᠰᠡᠷᠭᠡᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ | ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢᠨ ᠭᠤᠤᠯᠳᠠᠯᠭ᠎ᠠ ᠨᠢ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠪᠣᠯᠣᠨ᠎ᠠ᠂ ᠠᠵᠢᠯᠯᠠᠭ᠎ᠠ ᠨᠢ ᠭᠤᠤᠯᠳᠠᠭᠤ ᠢᠳᠡᠷ | ᠥᠲᠡᠯᠦᠭᠡ ᠨᠠᠰᠤᠨ ᠤ ᠬᠥᠮᠦᠰ ᠲᠤ ᠬᠠᠨᠳᠤᠨ᠎ᠠ᠃ ᠠᠵᠢᠯᠯᠠᠭ᠎ᠠ ᠶᠢᠨ ᠬᠤᠭᠤᠴᠠᠭᠠᠨ ᠳᠤ ᠰᠠᠶᠢᠨ ᠳᠤᠷ᠎ᠠ ᠶᠢᠨ ᠦᠢᠯᠡᠴᠢᠯᠡᠭᠴᠢᠳ ᠰᠠᠭᠤᠭᠠᠯᠢ ᠠᠷᠠᠳ ᠲᠤ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠰᠠᠭᠤᠭᠠᠯᠢ ᠠᠷᠠᠳ ᠲᠤ ᠴᠠᠬᠢᠯᠭᠠᠨ ᠬᠤᠯᠪᠣᠭᠠᠨ ᠤ | ᠮᠡᠬᠡᠯᠡᠯ ᠤᠨ ᠬᠡᠷᠡᠭ ᠤᠨ ᠵᠢᠱᠢᠶ᠎ᠡ ᠶᠢ ᠲᠠᠶᠢᠯᠪᠤᠷᠢᠯᠠᠨ ᠵᠠᠳᠠᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠲᠣᠪᠴᠢᠶ᠎ᠠ ᠶᠢ ᠢᠯᠡᠴᠢᠯᠡᠬᠦ ᠪᠠᠷ ᠳᠠᠮᠵᠢᠭᠤᠯᠤᠨ᠂ | ᠨᠠᠰᠤᠵᠢᠯ ᠤᠨ ᠮᠡᠬᠡᠯᠡᠯ ᠤᠨ ᠲᠤᠬᠠᠢ ᠦᠷᠭᠦᠯᠵᠢ ᠲᠣᠬᠢᠶᠠᠯᠳᠤᠬᠤ ᠠᠷᠭ᠎ᠠ ᠵᠠᠮ ᠢ ᠳ᠋ᠦᠩᠨᠡᠵᠦ᠂ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠠᠷᠭ᠎ᠠ ᠪᠠᠷᠢᠯ ᠢ | ᠲᠦᠭᠡᠮᠡᠯᠵᠢᠭᠦᠯᠪᠡ᠃ ᠡᠭᠦᠨ ᠤ ᠬᠠᠮᠲᠤ᠂ ᠰᠠᠭᠤᠭᠠᠯᠢ ᠠᠷᠠᠳ ᠣᠯᠠᠨ ᠤ ᠠᠮᠤᠷ ᠲᠦᠪᠰᠢᠨ ᠢᠶᠠᠷ ᠲᠣᠣᠷ ᠬᠡᠷᠡᠭᠯᠡᠬᠦ᠂ ᠬᠠᠤᠯᠢ ᠶᠣᠰᠣᠭᠠᠷ ᠲᠣᠣᠷ ᠬᠡᠷᠡᠭᠯᠡᠬᠦ ᠶᠢ | ᠬᠥᠲᠥᠯᠥᠨ ᠵᠢᠯᠣᠭᠤᠳᠴᠤ᠂ ᠰᠠᠭᠤᠭᠠᠯᠢ ᠠᠷᠠᠳ ᠣᠯᠠᠨ ᠳᠤ ᠲᠣᠣᠷ ᠰᠦᠯᠵᠢᠶᠡᠨ ᠤ ᠴᠥᠷᠬᠡᠯᠡᠭᠡ ᠶᠢ ᠲᠤᠳᠤ ᠮᠡᠳᠡᠬᠦ ᠦᠭᠡᠢ ᠪᠠᠶᠢᠬᠤ ᠶᠢ ᠰᠠᠨᠠᠭᠤᠯᠵᠤ᠂ | ᠨᠠᠰᠤᠵᠢᠯ ᠤᠨ ᠮᠡᠬᠡᠯᠡᠯ ᠳᠤ ᠬᠤᠯᠪᠣᠭᠳᠠᠭᠰᠠᠨ ᠬᠤᠣᠷ ᠬᠥᠨᠥᠭᠡᠯ ᠲᠠᠢ ᠮᠡᠳᠡᠭᠡ ᠵᠠᠩᠭᠢ ᠵᠢᠴᠢ ᠬᠠᠤᠯᠢ ᠲᠣᠭᠲᠠᠭᠠᠯ ᠠᠴᠠ ᠵᠥᠷᠢᠴᠡᠭᠰᠡᠨ ᠰᠦᠯᠵᠢᠶᠡᠨ ᠥᠷᠲᠡᠭᠡ ᠶᠢᠨ | ᠲᠠᠪᠴᠠᠩ ᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠬᠡᠷᠡᠭᠲᠡᠶ᠃ | ᠰᠠᠭᠤᠭᠠᠯᠢ ᠠᠷᠠᠳ ᠤᠯᠠᠨ᠂ ᠠᠵᠢᠯᠯᠠᠭ᠎ᠠ ᠳᠤ ᠣᠷᠣᠯᠴᠠᠬᠤ ᠨᠢ ᠨᠠᠰᠤᠵᠢᠯ ᠤᠨ ᠮᠡᠬᠡᠯᠡᠯ ᠳᠤ ᠠᠪᠬᠤ ᠰᠣᠨᠣᠷ ᠰᠡᠷᠡᠮᠵᠢ ᠪᠠᠨ ᠳᠡᠭᠡᠭᠰᠢᠯᠡᠭᠦᠯᠦᠭᠰᠡᠨ ᠢᠶᠠᠷ ᠪᠠᠷᠠᠬᠤ | ᠦᠭᠡᠢ᠂ ᠪᠠᠰᠠ ᠠᠷᠭ᠎ᠠ ᠵᠠᠮ ᠤᠨ ᠤᠨᠠᠭᠤᠯᠢ ᠶᠢ ᠲᠣᠳᠣᠷᠬᠠᠢ ᠲᠠᠨᠢᠵᠤ ᠴᠢᠳᠠᠵᠠᠢ ᠭᠡᠵᠦ ᠢᠯᠡᠳᠬᠡᠵᠡᠭᠡᠪᠡ᠃ ᠲᠣᠰ ᠤᠳᠠᠭᠠᠨ ᠤ ᠠᠵᠢᠯᠯᠠᠭ᠎ᠠ ᠨᠢ ᠨᠠᠰᠤᠲᠠᠶᠢᠴᠤᠳ ᠤᠨ | ᠮᠡᠬᠡᠯᠡᠯ ᠢ ᠡᠰᠡᠷᠭᠦᠴᠡᠬᠦ ᠪᠠ ᠮᠡᠬᠡᠯᠡᠬᠦ ᠶᠢ ᠰᠡᠷᠭᠡᠶᠢᠯᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠨᠠᠰᠤᠲᠠᠶᠢᠴᠤᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ | |