︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠭᠦᠨ | ᠳᠤᠷᠠᠰᠤᠨ ᠰᠠᠨᠠᠭᠠᠯᠵᠠᠵᠤ᠂ ᠤᠯᠤᠰ ᠢᠶᠠᠨ ᠬᠠᠶᠢᠷᠠᠯᠠᠵᠤ ᠨᠠᠮ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠵᠣᠷᠢᠭ ᠰᠠᠨᠠᠭ᠎ᠠ ᠶᠢ ᠪᠠᠳᠠᠷᠠᠭᠤᠯᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢ ᠤᠯᠠᠮ ᠨᠢᠭᠡ ᠠᠯᠬᠤᠮ ᠨᠢᠭᠲᠠᠷᠠᠭᠤᠯᠪᠠ᠃ ᠣᠶᠢᠷ᠎ᠠ ᠳᠤ᠂ ᠠ ᠯᠢ ᠾᠧ | ᠪᠠᠯᠭᠠᠰᠤᠨ ᠤ ᠳ᠋ᠦᠩ ᠹᠧᠩ ᠨᠡᠶᠢᠭᠡᠮ ᠲᠣᠭᠤᠷᠢᠭ ᠤᠨ ᠨᠠᠮ ᠤᠨ ᠡᠭᠦᠷ ︽ᠬᠤᠪᠢᠰᠬᠠᠯ ᠤᠨ ᠺᠢᠨᠣ᠋ ᠦᠵᠡᠵᠦ ᠡᠷᠭᠢᠴᠡᠭᠦᠯᠬᠦ︾ ᠭᠤᠤᠯ ᠰᠡᠳᠦᠪᠲᠦ ᠺᠢᠨᠣ᠋ ᠦᠵᠡᠬᠦ | ᠠᠵᠢᠯᠯᠠᠭ᠎ᠠ ᠥᠷᠨᠢᠭᠦᠯᠵᠦ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠠᠵᠢᠯᠲᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠬᠠᠮᠲᠤ ᠪᠠᠷ ᠬᠤᠰᠢᠭᠤᠨ ᠤ | ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠵᠣᠬᠢᠶᠠᠭᠰᠠᠨ ︽ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭ᠎ᠠ ᠪᠣᠯᠤᠨ ᠣᠷᠴᠣᠨ ᠤ | ᠥᠩᠭᠡᠷᠡᠭᠰᠡᠨ ᠤ ᠶᠠᠪᠤᠳᠠᠯ︾ ᠢ ᠰᠣᠨᠢᠷᠬᠠᠪᠠ᠃ | ᠲᠤᠰ ᠹᠢᠯᠢᠮ ᠨᠢ ᠵᠡᠭᠦᠨ ᠬᠤᠶᠢᠲᠤ ᠣᠷᠣᠨ ᠤ ᠶᠠᠫᠣᠨ ᠢ ᠡᠰᠡᠷᠭᠦᠴᠡᠬᠦ ᠬᠤᠯᠪᠣᠭ᠎ᠠ ᠪᠦᠬᠦ ᠤᠯᠤᠰ ᠲᠤ ᠶᠠᠫᠣᠨ ᠢ ᠡᠰᠡᠷᠭᠦᠴᠡᠬᠦ ᠲᠠᠶᠢᠨ ᠡᠭᠦᠰᠦᠭᠰᠡᠨ ᠤ ᠲᠠᠷᠠᠭ᠎ᠠ᠂ | ᠶᠡᠭᠡ ᠬᠡᠮᠵᠢᠶᠡᠨ ᠤ ᠳᠠᠶᠢᠰᠤᠨ ᠢ ᠬᠤᠷᠢᠭᠯᠠᠵᠤ᠂ ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠳᠤ ᠴᠢᠬᠤᠯᠠ ᠬᠤᠪᠢ ᠨᠡᠮᠡᠷᠢ ᠦᠵᠡᠭᠦᠯᠵᠦ᠂ ᠶᠠᠫᠣᠨ ᠢ | ᠡᠰᠡᠷᠭᠦᠴᠡᠬᠦ ᠬᠤᠯᠪᠣᠭᠠᠲᠤ ᠴᠡᠷᠢᠭ ᠤᠨ ᠳᠠᠷᠤᠭ᠎ᠠ ᠪᠠᠶᠢᠯᠳᠤᠭᠴᠢᠳ ᠠᠷᠢᠭᠤᠨ ᠴᠢᠰᠤ ᠪᠠᠷ ᠢᠶᠠᠨ ᠵᠡᠭᠦᠨ ᠬᠤᠶᠢᠲᠤ ᠣᠷᠣᠨ ᠤ ᠡᠭᠡ ᠭᠠᠵᠠᠷ ᠲᠤ ᠢᠯᠡᠷᠡᠵᠦ᠂ ᠦᠬᠦᠵᠦ | ᠰᠡᠬᠡᠬᠦ ᠶᠢᠨ ᠳᠠᠪᠲᠠᠯᠲᠠ ᠳᠤᠮᠳᠠ᠂ ᠵᠡᠭᠦᠨ ᠬᠤᠶᠢᠲᠤ ᠶᠢᠨ ᠶᠠᠫᠣᠨ ᠢ ᠡᠰᠡᠷᠭᠦᠴᠡᠬᠦ ᠬᠤᠯᠪᠣᠭᠠᠲᠤ ᠬᠤᠷᠠᠯ ᠤᠨ ᠠᠭᠤᠤ ᠶᠡᠭᠡ ᠵᠣᠷᠢᠭ ᠰᠠᠨᠠᠭ᠎ᠠ ᠶᠢ ᠪᠤᠢ ᠪᠣᠯᠭᠠᠵᠤ᠂ | ᠤᠯᠠᠨ ᠳᠤᠮᠳᠠᠳᠤ ᠶᠢᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠷᠭᠦᠯᠵᠢᠯᠡᠨ ᠲᠡᠮᠡᠴᠡᠬᠦ ᠶᠢ ᠵᠣᠷᠢᠭᠵᠢᠭᠤᠯᠤᠨ ᠠᠬᠢᠭᠤᠯᠵᠠᠢ᠃ | ᠺᠢᠨᠣ᠋ ᠦᠵᠡᠬᠦ ᠶᠠᠪᠤᠴᠠ ᠳᠤ ᠰᠠᠭᠤᠭᠠᠯᠢ ᠠᠷᠠᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠢᠶᠠᠷ ᠢᠶᠠᠨ᠂ ᠣᠶᠢᠯᠠᠭᠠᠵᠤ ᠮᠡᠳᠡᠭᠰᠡᠨ ᠬᠤᠪᠢᠰᠬᠠᠯ ᠤᠨ | ᠵᠣᠷᠢᠭ ᠰᠠᠨᠠᠭ᠎ᠠ ᠪᠠᠨ ᠢᠳᠡ ᠬᠦᠴᠦᠲᠡᠢ ᠪᠣᠯᠭᠠᠵᠤ᠂ ᠲᠡᠦᠬᠡ ᠪᠠᠨ ᠪᠠᠲᠤ ᠴᠡᠭᠡᠵᠢᠯᠡᠵᠦ᠂ ᠬᠤᠪᠢᠰᠬᠠᠯ ᠤᠨ ᠭᠧᠨ ᠢ ᠲᠠᠰᠤᠷᠠᠯᠲᠠ ᠦᠭᠡᠢ ᠤᠯᠠᠮᠵᠢᠯᠠᠨ᠎ᠠ ᠭᠡᠵᠦ | ᠢᠯᠡᠳᠬᠡᠵᠡᠭᠡᠪᠡ᠃ ᠺᠢᠨᠣ᠋ ᠦᠵᠡᠬᠦ ᠠᠵᠢᠯ ᠲᠠᠭᠤᠰᠤᠭᠠᠳ᠂ ᠰᠠᠭᠤᠭᠠᠯᠢ ᠠᠷᠠᠳ ᠤᠳ ᠪᠠᠰᠠ ᠺᠢᠨᠣ᠋ ᠦᠵᠡᠵᠦ ᠪᠠᠶᠢᠪᠠ᠃ ᠠ ᠯᠢ ᠾᠧ ᠪᠠᠯᠭᠠᠰᠤᠨ ᠤ ᠳ᠋ᠦᠩ ᠹᠧᠩ | ᠨᠡᠶᠢᠭᠡᠮ ᠲᠣᠭᠤᠷᠢᠭ ᠤᠨ ᠬᠢᠨ ᠲᠤᠰ ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠨ ᠤᠯᠠᠨ ᠬᠡᠯᠪᠡᠷᠢ ᠶᠢᠨ ᠤᠯᠤᠰ ᠢᠶᠠᠨ ᠬᠠᠶᠢᠷᠠᠯᠠᠬᠤ ᠭᠤᠣᠯ ᠰᠡᠳᠦᠪᠲᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠠᠭᠤᠭᠠᠯᠢ ᠠᠷᠠᠳ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠬᠤᠪᠢᠰᠬᠠᠯ ᠤᠨ ᠤᠳᠤᠮᠰᠢᠯ ᠢ | ᠤᠯᠠᠮᠵᠢᠯᠠᠵᠤ᠂ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠬᠥᠭᠵᠢᠭᠡᠵᠦ᠂ ᠬᠤᠪᠢᠰᠬᠠᠯ ᠤᠨ | ᠤᠳᠤᠮᠰᠢᠯ ᠢ ᠴᠢᠰᠤᠨ ᠰᠤᠳᠠᠰᠤ ᠳᠤ ᠠᠭᠤᠰᠤᠯᠴᠠᠭᠤᠯᠵᠤ᠂ ᠬᠤᠪᠢᠰᠬᠠᠯ ᠤᠨ ᠲᠤᠭ ᠢ ᠥᠨᠳᠥᠷ ᠮᠠᠨᠳᠤᠭᠤᠯᠬᠤ ᠬᠡᠷᠡᠭᠲᠡᠢ᠃ | |