【 ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠬᠤ 】 ᠠ ᠯᠢ ᠾᠧ ᠪᠠᠯᠭᠠᠰᠤ ︽ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠣᠶ ᠪᠣᠯᠭᠠᠬᠤ᠂ ᠬᠡᠪ ᠴᠢᠨᠠᠷ ᠢ ᠳᠡᠭᠡᠭᠰᠢᠯᠡᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/2
    ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠪᠣᠯᠪᠠᠰᠤᠨ ᠶᠣᠰᠣᠯᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠠᠭᠤᠭᠠᠯᠢ ᠠᠷᠠᠳ ᠤᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠵᠦ᠂ ᠠᠴᠢ ᠬᠠᠷᠢᠭᠤᠯᠠᠬᠤ ᠤᠬᠠᠮᠰᠠᠷ ᠢᠶᠠᠨ ᠴᠢᠩᠭᠠᠳᠬᠠᠵᠤ᠂ ︽ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠥᠷᠨᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠠ ᠯᠢ ᠾᠧ ᠪᠠᠯᠭᠠᠰᠤ ︽ᠪᠣᠯᠪᠠᠰᠤᠨ ᠢ ᠡᠷᠬᠢᠮᠯᠡᠬᠦ᠂ ᠰᠢᠨ᠎ᠡ ᠰᠤᠷᠲᠠᠯ ᠢ ᠪᠤᠢ ᠪᠣᠯᠭᠠᠬᠤ᠂ ᠬᠡᠪ ᠴᠢᠨᠠᠷ ᠢ ᠳᠡᠭᠡᠭᠰᠢᠯᠡᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃    ᠠᠵᠢᠯᠲᠠᠳ ᠡᠳᠦᠷ ᠲᠤᠲᠤᠮ ᠤᠨ ᠠᠮᠢᠳᠤᠷᠠᠯ ᠤᠨ ᠳᠤᠮᠳᠠᠬᠢ ᠦᠭᠡ ᠬᠡᠯᠡ ᠶᠣᠰᠣ ᠵᠢᠷᠤᠮ᠂ ᠬᠠᠷᠢᠯᠴᠠᠭᠠᠨ ᠤ ᠶᠣᠰᠣᠯᠠᠯ ᠵᠡᠷᠭᠡ ᠲᠠᠯ᠎ᠠ ᠪᠠᠷ ᠰᠠᠭᠤᠭᠠᠯᠢ ᠠᠷᠠᠳ ᠣᠯᠠᠨ ᠳᠤ ᠪᠣᠯᠪᠠᠰᠤᠨ ᠶᠣᠰᠣᠯᠠᠯ ᠤᠨ ᠮᠡᠳᠡᠯᠭᠡ ᠶᠢ ᠤᠬᠠᠭᠤᠯᠵᠤ᠂ ᠰᠠᠭᠤᠭᠠᠯᠢ ᠠᠷᠠᠳ ᠣᠯᠠᠨ ᠢ ᠬᠥᠲᠥᠯᠥᠨ ᠵᠢᠯᠣᠭᠤᠳᠴᠤ ᠪᠠᠶᠢᠭᠠᠳ ᠠᠵᠢᠯᠯᠠᠭ᠎ᠠ ᠶᠢᠨ ᠲᠠᠯ᠎ᠠ ᠪᠠᠷ ᠪᠣᠯᠪᠠᠰᠤᠨ ᠢ ᠡᠷᠬᠢᠮᠯᠡᠵᠦ᠂ ᠶᠣᠰᠣ ᠤᠴᠢᠷ ᠢ ᠮᠡᠳᠡᠵᠦ᠂ ᠪᠣᠯᠪᠠᠰᠤᠨ ᠢᠶᠠᠷ ᠶᠠᠪᠤᠵᠤ ᠰᠠᠭᠤᠬᠤ᠂ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠶᠢᠷᠠᠯᠠᠬᠤ᠂ ᠱᠠᠯᠢᠨ ᠪᠦᠷᠢᠯᠭᠡᠬᠦ ᠦᠭᠡᠢ ᠰᠠᠶᠢᠨ ᠳᠠᠳᠬᠠᠯ ᠲᠠᠢ ᠪᠣᠯᠭᠠᠬᠤ ᠬᠡᠷᠡᠭᠲᠡᠶ᠃ ᠤᠯᠠᠨ ᠢᠶᠠᠷ ᠢᠶᠠᠨ᠂ ᠬᠤᠶᠢᠰᠢᠳᠠ ᠶᠢᠨ ᠠᠮᠢᠳᠤᠷᠠᠯ ᠳᠤᠮᠳᠠ᠂ ︽ᠪᠣᠯᠪᠠᠰᠤᠨ ᠢ ᠡᠷᠬᠢᠮᠯᠡᠵᠦ ᠰᠢᠨ᠎ᠡ ᠰᠤᠷᠲᠠᠯ ᠢ ᠪᠤᠢ ᠪᠣᠯᠭᠠᠬᠤ︾ ᠦᠵᠡᠯ ᠰᠠᠨᠠᠭ᠎ᠠ ᠣᠶᠢᠯᠠᠭᠠᠭᠳᠠᠬᠤᠨ ᠢ ᠢᠳᠡᠪᠬᠢᠲᠡᠢ ᠪᠤᠢ ᠪᠣᠯᠭᠠᠵᠤ᠂ ᠥᠭᠡᠳᠡᠯᠡᠨ ᠲᠠᠪᠰᠢᠬᠤ᠂ ᠰᠤᠷᠲᠠᠯ ᠴᠢᠬᠡᠴᠢ ᠣᠪᠣᠷ ᠲᠥᠪ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠵᠣᠯ ᠵᠢᠷᠭᠠᠯ᠂ ᠠᠮᠤᠷ ᠲᠣᠭᠲᠠᠭᠤᠨ᠂ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠦᠳᠦᠭᠡᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃ ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠬᠠᠷᠢᠶᠠᠲᠤ ᠣᠷᠣᠨ ᠤ ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠪᠣᠯᠪᠠᠰᠤᠨ ᠤ ᠦᠭᠡ ᠬᠡᠯᠡᠬᠦ᠂ ᠬᠡᠷᠡᠭ ᠶᠠᠪᠤᠳᠠᠯ ᠢ ᠲᠣᠳᠣᠷᠬᠠᠶ ᠪᠣᠯᠭᠠᠬᠤ᠂ ᠪᠢᠴᠢᠭ ᠮᠡᠳᠡᠭᠴᠢ ᠪᠣᠯᠬᠤ ᠶᠢ ᠤᠯᠠᠮ ᠨᠢᠭᠡ ᠠᠯᠬᠤᠮ ᠰᠠᠨᠠᠭᠠᠴᠢᠯᠠᠵᠤ᠂ ᠶᠣᠰᠣ ᠰᠤᠷᠲᠠᠬᠤᠨ ᠤ ᠰᠠᠶᠢᠨ ᠬᠤᠲᠠ ᠶᠢᠨ ᠠᠷᠠᠳ ᠪᠣᠯᠵᠣ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠪᠣᠯᠪᠠᠰᠤᠨ ᠤ ᠰᠢᠨ᠎ᠡ ᠰᠤᠷᠲᠠᠯ ᠢ ᠲᠠᠷᠢᠬᠢ ᠲᠣᠯᠣᠭᠠᠶ ᠳᠤ ᠬᠠᠳᠠᠩᠰᠢᠭᠤᠯᠤᠨ ᠰᠡᠳᠬᠢᠯ ᠵᠢᠷᠦᠬᠡᠨ ᠳᠤ ᠬᠠᠳᠠᠩᠰᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ