【 ᠯᠧᠢ ᠹᠧᠩ ᠠᠴᠠ ᠰᠤᠷᠤᠯᠴᠠᠬᠤ᠂ ᠪᠣᠯᠪᠠᠰᠤᠨ ᠢ ᠦᠢᠯᠡᠳᠦᠯᠭᠡᠵᠢᠭᠦᠯᠬᠦ ᠠᠵᠢᠯᠯᠠᠭ᠎ᠠ 】 ᠠ ᠯᠢ ᠾᠧ ᠪᠠᠯᠭᠠᠰᠤ  ᠪᠥ᠋ ᠰᠦ ᠯᠢ ᠰᠦᠢᠳᠭᠡᠯ ᠬᠤᠷᠢᠶᠠᠬᠤ ᠥᠷᠲᠡᠭᠡ ᠲᠠᠢ ᠬᠠᠮᠲᠤᠷᠠᠨ ︽ᠯᠧᠢ ᠹᠧᠩ ᠠᠴᠠ ᠰᠤᠷᠤᠯᠴᠠᠵᠤ ᠨᠠᠮ ᠢᠶᠠᠨ ᠳᠠᠭᠠᠵᠤ᠂ ᠨᠠᠮ ᠤᠨ ᠠᠴᠢ ᠳᠤ ᠲᠠᠯᠠᠷᠬᠠᠵᠦ ᠬᠤᠪᠢ ᠨᠡᠮᠡᠷᠢ ᠦᠵᠡᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/2
    ᠯᠧᠢ ᠹᠧᠩ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠪᠠ᠃ ᠪᠦᠬᠦ ᠤᠯᠤᠰ ᠤᠨ 61 ᠳ᠋ᠤᠭᠡᠷ ᠯᠧᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠤᠨ ᠲᠠᠰᠢᠷᠠᠮ ᠳᠤ᠂ ᠠ ᠯᠢ ᠾᠧ ᠪᠠᠯᠭᠠᠰᠤᠨ ᠤ ᠪᠥ᠋ ᠰᠦ ᠯᠢ ᠶᠢᠨ ᠰᠦᠢᠳᠭᠡᠯ ᠬᠤᠷᠢᠶᠠᠬᠤ ᠥᠷᠲᠡᠭᠡ ᠲᠠᠢ ᠬᠠᠮᠲᠤᠷᠠᠨ ︽ᠯᠧᠢ ᠹᠧᠩ ᠠᠴᠠ ᠰᠤᠷᠤᠯᠴᠠᠵᠤ ᠨᠠᠮ ᠢᠶᠠᠨ ᠳᠠᠭᠠᠵᠤ᠂ ᠨᠠᠮ ᠤᠨ ᠠᠴᠢ ᠳᠤ ᠲᠠᠯᠠᠷᠬᠠᠵᠦ ᠬᠤᠪᠢ ᠨᠡᠮᠡᠷᠢ ᠦᠵᠡᠭᠦᠯᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠬᠠᠨᠴᠤᠶ ᠡᠮᠦᠰᠴᠦ᠂ ᠱᠦᠭᠦᠷ᠂ ᠬᠤᠭ ᠨᠣᠪᠰᠢ ᠶᠢᠨ ᠬᠠᠪᠴᠢᠭᠤᠷ᠂ ᠬᠤᠭ ᠨᠣᠪᠰᠢ ᠶᠢᠨ ᠤᠭᠤᠲᠠ ᠵᠡᠷᠭᠡ ᠪᠠᠭᠠᠵᠢ ᠬᠡᠷᠡᠭᠰᠡᠯ ᠢᠶᠠᠨ ᠠᠪᠴᠤ᠂ ︽ᠨᠢᠭᠡ ᠶᠢ ᠣᠯᠵᠤ ᠮᠡᠳᠡᠪᠡᠯ᠂ ᠨᠢᠭᠡ ᠶᠢ ᠴᠡᠪᠡᠷᠯᠡᠬᠦ︾ ᠵᠠᠷᠴᠢᠮ ᠶᠣᠰᠣᠭᠠᠷ᠂ ᠪᠤᠵᠠᠷ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠵᠢᠵᠢᠭ ᠵᠠᠷ ᠮᠡᠳᠡᠭᠡ ᠪᠠ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ ᠴᠡᠪᠡᠷᠯᠡᠵᠦ᠂ ᠴᠤᠭᠯᠠᠭᠤᠯᠤᠭᠰᠠᠨ ᠡᠯᠳᠡᠪ ᠪᠣᠳᠠᠰ᠂ ᠴᠠᠭᠠᠨ ᠬᠤᠭ ᠨᠣᠪᠰᠢ ᠵᠡᠷᠭᠡ ᠶᠢ ᠨᠢᠭᠡ ᠨᠢᠭᠡ ᠪᠠᠷ ᠤᠭᠤᠲᠠᠯᠠᠵᠤ ᠬᠤᠭ ᠨᠣᠪᠰᠢ ᠳᠤ ᠲᠥᠪᠯᠡᠷᠡᠭᠦᠯᠦᠨ ᠲᠠᠯᠪᠢᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠤ ᠴᠡᠪᠡᠷ ᠲᠡᠭᠰᠢ ᠪᠠᠶᠢᠬᠤ ᠶᠢ ᠪᠦᠲᠦᠮᠵᠢᠲᠡᠶ ᠬᠠᠮᠠᠭᠠᠯᠠᠪᠠ᠃    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠬᠠᠷᠢᠶᠠᠲᠤ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ ᠪᠠᠰᠠ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠶᠢᠷᠠᠯᠠᠬᠤ ᠤᠬᠠᠮᠰᠠᠷ ᠢ ᠴᠢᠩᠭᠠᠷᠠᠭᠤᠯᠵᠤ ᠂ ︽ᠯᠸᠢ ᠹᠧᠩ ᠤᠨ ᠵᠣᠷᠢᠭ ᠰᠠᠨᠠᠭ᠎ᠠ ᠶᠢ ᠬᠥᠮᠦᠨ ᠪᠦᠬᠦᠨ ᠰᠤᠷᠤᠯᠴᠠᠵᠤ ᠪᠣᠯᠤᠨ᠎ᠠ︔ ᠬᠠᠶᠢᠷ᠎ᠠ ᠬᠠᠯᠠᠮᠵᠢ ᠪᠠᠨ ᠡᠷᠭᠦᠵᠦ᠂ ᠭᠠᠵᠠᠷ ᠪᠣᠯᠭᠠᠨ ᠳᠤ ᠬᠢᠵᠦ ᠪᠣᠯᠬᠤ︾ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ᠲᠣᠰ ᠤᠳᠠᠭᠠᠨ ᠤ ︽ᠯᠧᠢ ᠹᠧᠩ ᠠᠴᠠ ᠰᠤᠷᠤᠯᠴᠠᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠬᠠᠷᠢᠯᠴᠠᠨ ᠬᠠᠪᠰᠤᠷᠤᠯᠴᠠᠬᠤ᠂ ᠨᠥᠬᠦᠷᠰᠡᠭ ᠢᠶᠠᠷ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠵᠣᠬᠢᠶᠠᠨ ᠪᠠᠶᠢᠭᠤᠯᠤᠯᠲᠠ ᠪᠣᠯᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠶᠢ ᠦᠷᠭᠦᠯᠵᠢᠯᠡᠨ ᠳᠠᠶᠢᠴᠢᠯᠠᠵᠤ᠂ ᠥᠭᠡᠳᠡᠯᠡᠨ ᠳᠠᠪᠰᠢᠬᠤ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠪᠠᠶᠢᠩᠭᠤᠵᠢᠭᠰᠠᠨ ᠬᠥᠭᠵᠢᠯᠲᠡ ᠶᠢ ᠠᠬᠢᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ ᠰᠢᠨ᠎ᠡ ᠴᠠᠭ ᠦᠶ᠎ᠡ ᠳᠤ ᠰᠢᠨ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ