ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠢᠳᠡᠪᠬᠢᠲᠡᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠯᠸᠢ ᠹᠧᠩ ᠠᠴᠠ ᠰᠤᠷᠤᠯᠴᠠᠬᠤ | ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠬᠤ ᠶᠢᠨ ᠲᠥᠯᠥᠭᠡ᠂ ᠦᠯᠦᠪᠲᠡᠶ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ | ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠬᠠᠮᠲᠤᠷᠠᠨ ︽ᠯᠸᠢ ᠹᠧᠩ ᠠᠴᠠ ᠰᠤᠷᠤᠯᠴᠠᠵᠤ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ︾ ᠭᠡᠬᠦ ᠭᠤᠣᠯ | ᠰᠡᠳᠦᠪᠲᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠥᠷᠨᠢᠭᠦᠯᠵᠦ᠂ ᠬᠡᠰᠡᠭ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠰᠢᠯᠢᠳᠡᠭ ᠡᠷᠦᠬᠡ ᠶᠢᠨ | ᠴᠡᠷᠢᠭ᠂ ᠰᠠᠶᠢᠨ ᠳᠤᠷ᠎ᠠ ᠶᠢᠨ ᠠᠵᠢᠯᠯᠠᠭᠴᠢ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠠᠵᠢᠯᠯᠠᠭᠴᠢ ᠪᠣᠯᠤᠨ ᠴᠡᠷᠢᠭ ᠠᠴᠠ ᠬᠠᠯᠠᠭᠳᠠᠭᠰᠠᠳ ᠤᠨ ᠲᠥᠯᠥᠭᠡᠯᠡᠭᠴᠢ ᠪᠠᠭᠰᠢ ᠰᠤᠷᠤᠭᠴᠢᠳ ᠲᠤ | ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠦᠯᠢᠭᠡᠷ ᠶᠠᠷᠢᠵᠤ ᠥᠭᠴᠦ᠂ ᠰᠤᠷᠤᠭᠴᠢᠳ ᠤᠨ ᠬᠤᠶᠢᠰᠢᠳᠠ ᠶᠢᠨ ᠰᠤᠷᠤᠯᠴᠠᠯᠭ᠎ᠠ ᠠᠮᠢᠳᠤᠷᠠᠯ ᠳᠤᠮᠳᠠ ᠯᠸᠢ | ᠹᠧᠩ ᠤᠨ ᠵᠣᠷᠢᠭ ᠰᠠᠨᠠᠭ᠎ᠠ ᠶᠢ ᠢᠳᠡᠪᠬᠢᠲᠡᠢ ᠦᠢᠯᠡᠳᠦᠯᠭᠡᠵᠢᠭᠦᠯᠵᠦ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠬᠠᠯᠠᠭᠤᠨ | ᠰᠡᠳᠬᠢᠯ ᠢᠶᠠᠷ ᠪᠤᠰᠤᠳ ᠢ ᠬᠠᠪᠰᠤᠷᠬᠤ ᠪᠢᠴᠢᠬᠠᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠶᠢ ᠵᠣᠷᠢᠭᠵᠢᠭᠤᠯᠪᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠪᠠᠰᠠ | ᠭᠡᠷ ᠪᠦᠯᠢ ᠨᠢ ᠬᠦᠴᠢᠷᠳᠡᠯᠲᠡᠶ ᠰᠤᠷᠤᠭᠴᠢᠳ ᠲᠤ ᠰᠤᠷᠤᠯᠭ᠎ᠠ ᠶᠢᠨ ᠲᠡᠳᠬᠦᠮᠵᠢ ᠶᠢᠨ ᠪᠡᠯᠡᠭ ᠬᠦᠷᠭᠡᠪᠡ᠃ ᠳᠠᠷᠠᠭ᠎ᠠ ᠨᠢ᠂ ᠰᠠᠶᠢᠨ ᠳᠤᠷ᠎ᠠ ᠶᠢᠨ ᠠᠵᠢᠯᠯᠠᠭᠴᠢ ᠪᠠ | ᠰᠢᠯᠢᠳᠡᠭ ᠡᠷᠦᠬᠡ ᠶᠢᠨ ᠴᠡᠷᠢᠭ ᠬᠠᠮᠲᠤ ᠪᠠᠷ ᠬᠥᠳᠡᠯᠮᠦᠷᠢ ᠪᠠᠷ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠨ᠎ᠡ᠃ | ᠡᠯ᠎ᠡ ᠲᠣᠰᠬᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠶᠢᠨ ᠰᠠᠶᠢᠨ ᠳᠤᠷᠠᠴᠤᠳ ᠪᠠᠰᠠ ᠯᠸᠢ ᠹᠧᠩ ᠤᠨ ᠵᠣᠷᠢᠭ ᠰᠠᠨᠠᠭᠠᠨ ᠤ | ᠲᠤᠰᠬᠠᠢ ᠰᠡᠳᠦᠪᠲᠦ ᠰᠤᠷᠤᠯᠴᠠᠯᠭ᠎ᠠ ᠶᠢᠨ ᠬᠤᠷᠠᠯ᠂ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠯᠠᠨ ᠲᠦᠮᠡᠨ ᠤ ᠭᠡᠷ ᠲᠤ ᠭᠦᠨᠵᠡᠭᠡᠶᠢᠷᠡᠨ | ᠠᠷᠠᠳ ᠤᠨ ᠰᠠᠨᠠᠭ᠎ᠠ ᠶᠢ ᠣᠶᠢᠯᠠᠭᠠᠵᠤ᠂ ᠭᠡᠷ ᠲᠡᠭᠡᠨ ᠬᠤᠴᠣᠷᠤᠭᠰᠠᠨ ᠨᠠᠰᠤᠲᠠᠨ ᠢ ᠬᠠᠪᠰᠤᠷᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠵᠦ᠂ ᠤᠯᠠᠨ | ᠲᠦᠮᠡᠨ ᠳᠤ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠯᠸᠢ ᠹᠧᠩ ᠤᠨ ᠵᠣᠷᠢᠭ ᠰᠠᠨᠠᠭ᠎ᠠ ᠶᠢ ᠤᠬᠠᠭᠤᠯᠵᠤ᠂ ︽ | ᠬᠥᠮᠦᠨ ᠪᠦᠬᠦᠨ ᠬᠢᠬᠦ ᠳᠤᠷᠠᠲᠠᠢ᠂ ᠬᠥᠮᠦᠨ ᠪᠦᠬᠦᠨ ᠬᠢᠵᠦ ᠪᠣᠯᠬᠤ᠂ ᠬᠥᠮᠦᠨ ᠪᠦᠬᠦᠨ ᠬᠢᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠥᠷᠭᠡᠨ | ᠤᠯᠠᠨ ᠲᠦᠮᠡᠨ ᠤ ᠲᠡᠷᠭᠡᠨ ᠠᠴᠠ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠠᠴᠠ ᠡᠬᠢᠯᠡᠨ ᠬᠢᠵᠦ᠂ ᠯᠸᠢ ᠹᠧᠩ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠵᠤ᠂ ︽ᠰᠠᠶᠢᠨ ᠳᠤᠷ᠎ᠠ ᠶᠢᠨ ᠤᠯᠠᠭᠠᠨ︾ ᠢᠶᠠᠷ ᠲᠦᠭ ᠲᠦᠮᠡᠨ ᠠᠶᠢᠯ ᠡᠷᠦᠬᠡ ᠶᠢ ᠳᠤᠯᠠᠭᠠᠴᠠᠭᠤᠯᠪᠠ᠃ | |