︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠦᠯᠦᠪᠲᠡᠶ ᠪᠠᠯᠭᠠᠰᠤ ᠪᠦᠬᠦ ᠲᠠᠯ᠎ᠠ ᠶᠢᠨ᠂ ᠤᠯᠠᠨ ᠬᠦᠷᠢᠶ᠎ᠡ ᠴᠠᠷᠠᠭ᠎ᠠ ᠶᠢᠨ᠂ | ᠣᠶᠢᠯᠠᠭᠠᠮᠵᠢᠲᠠᠢ ᠪᠠᠷ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ︾ ᠶᠢᠨ ᠲᠣᠭᠤᠷᠢᠨ ᠳᠤ᠂ ᠪᠦᠬᠦ ᠪᠠᠯᠭᠠᠰᠤᠨ ᠤ ᠥᠷᠭᠡᠨ ᠤᠯᠠᠨ ᠨᠠᠮ ᠤᠨ ᠭᠡᠰᠢᠭᠦᠨ | ᠺᠠᠳ᠋ᠷ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠴᠠᠭ | ᠢᠮᠠᠭᠲᠠ ᠨᠠᠮ ᠤᠨ ᠦᠭᠡ ᠶᠢ ᠰᠣᠨᠣᠰᠴᠤ᠂ ᠡᠭᠦᠷᠢᠳᠡ ᠨᠠᠮ ᠢᠶᠠᠨ ᠳᠠᠭᠠᠬᠤ ᠶᠢ ᠬᠦᠳᠦᠯᠦᠨ ᠵᠢᠯᠣᠭᠤᠳᠪᠠ᠃ | ᠨᠠᠮ ᠤᠨ ᠭᠡᠰᠢᠭᠦᠨ ︽ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ︾ ᠳᠡᠭᠡᠷ᠎ᠡ ᠬᠦᠴᠦ ᠲᠠᠯᠪᠢᠵᠤ᠂ ᠠᠶᠢᠯ ᠡᠷᠦᠬᠡ ᠳᠤ ᠬᠦᠷᠴᠦ ᠤᠬᠠᠭᠤᠯᠭ᠎ᠠ ᠶᠢᠨ | ︽ᠡᠴᠦᠰ ᠤᠨ ᠨᠢᠭᠡ ᠮᠧᠲᠷ︾ ᠢ ᠨᠡᠪᠲᠡᠷᠡᠭᠦᠯᠪᠡ᠃ ᠣᠶᠢᠷ᠎ᠠ ᠶᠢᠨ ᠡᠳᠦᠷ ᠤᠳ ᠲᠤ᠂ ᠪᠥᠬᠦ ᠪᠠᠯᠭᠠᠰᠤᠨ ᠤ ᠡᠯ᠎ᠡ ᠨᠠᠮ ᠤᠨ ᠡᠭᠦᠷ ︽ᠨᠠᠮ ᠤᠨ ᠠᠴᠢ ᠶᠢ ᠮᠡᠳᠡᠷᠡᠵᠦ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠣᠭᠤᠷᠢᠨ ᠳᠤ ︽ᠭᠤᠷᠪᠠᠨ ᠬᠤᠷᠠᠯ | ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠪᠠᠷ ᠳᠠᠮᠵᠢᠭᠤᠯᠤᠨ ᠣᠨᠣᠯ ᠤᠨ ᠮᠡᠳᠡᠯᠭᠡ ᠶᠢ ᠪᠥᠬᠦ ᠲᠠᠯ᠎ᠠ ᠪᠠᠷ ᠯᠠᠪᠳᠠᠭᠤᠨ ᠪᠠᠲᠤᠲᠠᠶ ᠰᠤᠷᠤᠯᠴᠠᠪᠠ᠃ | | ᠡᠭᠦᠨ ᠤ ᠬᠠᠮᠲᠤ᠂ ︽ᠠᠷᠠᠳ ᠲᠤ ᠠᠰᠢᠭ ᠬᠦᠷᠲᠡᠭᠡᠬᠦ ᠺᠠᠷᠲ︾ ᠢ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠲᠠᠢ ᠤᠶᠠᠯᠳᠤᠭᠤᠯᠤᠨ᠂ ᠤᠬᠠᠭᠤᠯᠤᠨ | ᠲᠠᠶᠢᠯᠪᠤᠷᠢᠯᠠᠭᠴᠢ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠠᠷᠠᠳ ᠣᠯᠠᠨ ᠳᠤ ᠣᠲᠣ ᠶᠢᠨ ᠰᠠᠶᠢᠨ ᠰᠠᠶᠢᠬᠠᠨ ᠠᠮᠢᠳᠤᠷᠠᠯ ᠪᠣᠯ ᠴᠥᠮ ᠳᠤᠮᠳᠠᠳᠤ ᠤᠯᠤᠰ ᠤᠨ | ᠡᠪ ᠬᠠᠮᠲᠤ ᠨᠠᠮ ᠤᠨ ᠣᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢᠨ ᠦᠨᠡᠨ ᠪᠣᠳᠠᠲᠠᠶ ᠵᠢᠷᠤᠭᠯᠠᠯ ᠮᠥᠨ ᠭᠡᠳᠡᠭ ᠢ ᠦᠨᠡᠨ ᠬᠦ ᠮᠡᠳᠡᠷᠡᠭᠦᠯᠪᠡ᠃ |