ᠦᠯᠦᠪᠲᠡᠶ ᠪᠠᠯᠭᠠᠰᠤ ︽ᠰᠤᠷᠭᠠᠭᠤᠯᠢ ᠡᠬᠢᠯᠡᠬᠦ ᠤᠯᠠᠷᠢᠯ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/12/2
    ᠰᠤᠷᠭᠠᠭᠤᠯᠢ ᠡᠬᠢᠯᠡᠬᠦ ᠦᠶ᠎ᠡ ᠪᠠᠷ᠂ ︽ᠰᠤᠷᠭᠠᠭᠤᠯᠢ ᠡᠬᠢᠯᠡᠬᠦ ᠤᠯᠠᠷᠢᠯ︾ ᠢ ᠬᠠᠮᠠᠭᠠᠯᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂  ᠦᠯᠦᠪᠲᠡᠶ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ  ᠦᠯᠦᠪᠲᠡᠶ ᠶᠢᠨ ᠰᠤᠷᠭᠠᠭᠤᠯᠢ᠂ ᠵᠠ ᠯᠠᠨ ᠾᠧ ᠪᠠᠭ᠎ᠠ ᠰᠤᠷᠭᠠᠭᠤᠯᠢ ᠳᠤ ᠭᠦᠨᠵᠡᠭᠡᠶᠢᠷᠡᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠨᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠪᠠ ᠭᠠᠯ ᠤᠨᠲᠠᠷᠠᠭᠠᠬᠤ ᠲᠥᠬᠦᠭᠡᠷᠦᠮᠵᠢ ᠨᠢ ᠪᠦᠷᠢᠨ ᠪᠦᠲᠦᠨ ᠰᠠᠶᠢᠨ ᠪᠠᠶᠢᠬᠤ ᠡᠰᠡᠬᠦ᠂ ᠠᠮᠤᠷ ᠲᠦᠪᠰᠢᠨ ᠭᠠᠷᠬᠤ ᠡᠭᠦᠳᠡ᠂ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ ᠶᠢ ᠪᠠᠲᠤᠯᠠᠭᠰᠠᠨ ᠡᠰᠡᠬᠦ᠂ ᠬᠤᠭᠤᠯᠠᠨ ᠬᠡᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ᠂ ᠭᠦᠸᠧᠯᠦ ᠶᠢᠨ ᠬᠡᠷ ᠤᠨ ᠭᠠᠯ ᠤᠨᠲᠠᠷᠠᠭᠠᠬᠤ ᠭᠤᠤᠯᠳᠠᠯᠭ᠎ᠠ ᠲᠠᠢ ᠬᠡᠰᠡᠭ ᠤᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ᠂ ᠲᠠᠷᠬᠠᠭᠠᠨ ᠠᠮᠢ ᠵᠢᠭᠤᠲᠠᠬᠤ ᠪᠠ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯᠯᠠᠭ᠎ᠠ ᠶᠢᠨ ᠬᠠᠯᠬᠠᠪᠴᠢ ᠪᠣᠳᠠᠰ ᠪᠠᠶᠢᠬᠤ ᠡᠰᠡᠬᠦ ᠵᠡᠷᠭᠡ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠪᠡ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠭᠠᠯ ᠤᠨᠲᠠᠷᠠᠭᠠᠭᠤᠷ ᠤᠨ ᠬᠤᠭᠤᠴᠠᠭ᠎ᠠ ᠨᠢ ᠥᠩᠭᠡᠷᠡᠭᠰᠡᠨ ᠳᠠᠯᠳᠠ ᠭᠡᠮ ᠤᠨ ᠠᠰᠠᠭᠤᠳᠠᠯ ᠳᠤ ᠴᠢᠭᠯᠡᠭᠦᠯᠦᠨ᠂ ᠰᠤᠷᠭᠠᠭᠤᠯᠢ ᠶᠢᠨ ᠬᠠᠷᠢᠭᠤᠴᠠᠯᠭᠠᠲᠠᠨ ᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠳᠠᠯᠳᠠ ᠭᠡᠮ ᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠪᠠᠶᠢᠴᠠᠭᠠᠬᠤ ᠳᠤᠭᠤᠶᠢᠯᠠᠩ ᠠᠴᠠ ᠱᠠᠭᠠᠷᠳᠠᠭᠰᠠᠨ ᠨᠢ᠂ ᠭᠠᠯ ᠤᠨᠲᠠᠷᠠᠭᠠᠬᠤ ᠠᠮᠤᠷ ᠲᠦᠪᠰᠢᠨ ᠤ ᠡᠨᠡ ᠬᠦ ᠬᠥᠪᠴᠢ ᠶᠢ ᠴᠢᠩᠭᠠᠯᠠᠵᠤ ᠂ ᠬᠡᠮ ᠰᠣᠭᠤᠭ ᠢ ᠥᠪᠡᠰᠦᠪᠡᠨ ᠪᠠᠶᠢᠴᠠᠭᠠᠵᠤ ᠥᠪᠡᠰᠦᠪᠡᠨ ᠥᠭᠡᠷᠡᠴᠢᠯᠡᠬᠦ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠰᠠᠶᠢᠲᠤᠷ ᠬᠢᠵᠦ᠂ ᠰᠤᠷᠭᠠᠭᠤᠯᠢ ᠶᠢᠨ ᠬᠦᠷᠢᠶᠡᠨ ᠤ ᠠᠵᠢᠯᠲᠠᠨ ᠠᠵᠢᠯᠴᠢᠨ ᠤ ᠭᠠᠯ ᠤᠨᠲᠠᠷᠠᠭᠠᠬᠤ ᠠᠮᠤᠷ ᠲᠦᠪᠰᠢᠨ ᠤ ︽ᠳᠥᠷᠪᠡᠨ ᠴᠢᠳᠠᠪᠤᠷᠢ︾ ᠶᠢ ᠳᠡᠭᠡᠭᠰᠢᠯᠡᠭᠦᠯᠵᠦ᠂ ᠬᠡᠮ ᠰᠣᠭᠤᠭ ᠤᠨ ︽ᠪᠠᠯᠠᠶ ᠴᠡᠭ︾ ︽ᠥᠯᠥ ᠣᠨᠣᠭᠳᠠᠬᠤ ᠭᠠᠵᠠᠷ︾ ᠢ ᠪᠡᠶᠡᠯᠡᠭᠦᠯᠬᠦ ᠬᠡᠷᠡᠭᠲᠡᠶ᠃    ᠳᠠᠷᠠᠭᠠᠴᠢ ᠶᠢᠨ ᠠᠯᠬᠤᠮ ᠳᠤ᠂  ᠦᠯᠦᠪᠲᠡᠶ ᠪᠠᠯᠭᠠᠰᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠨ ᠵᠢᠯᠣᠭᠤᠳᠬᠤ ᠦᠢᠯᠡᠴᠢᠯᠡᠭᠡ ᠵᠢᠴᠢ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ