【 ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ 】 ᠠ ᠯᠢ ᠾᠧ ᠪᠠᠯᠭᠠᠰᠤ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢᠨ ᠺᠠᠷᠲ ᠲᠠᠷᠬᠠᠭᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/2
    ᠨᠠᠮ  ᠤᠨ ᠬᠤᠷᠢᠳᠤᠭᠠᠷ ᠶᠡᠭᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ  ᠨᠠᠶᠢᠳᠠᠪᠣᠷᠵᠢᠭᠤᠯᠬᠤ ᠲᠥᠯᠥᠭᠡ᠂ ︽ᠨᠠᠮ  ᠤᠨ ᠠᠴᠢ ᠳᠤ ᠲᠠᠯᠠᠷᠬᠠᠵᠤ᠂ ᠨᠠᠮ  ᠤᠨ  ᠦᠭᠡ ᠶᠢ ᠰᠣᠨᠣᠰᠴᠤ᠂ ᠨᠠᠮ  ᠢᠶᠠᠨ ᠳᠠᠭᠠᠵᠤ ᠤᠷᠤᠭ᠍ᠰᠢᠯᠠᠬᠤ︾ ᠤᠯᠠᠨ ᠲᠥᠮᠡᠨ ᠤ ᠬᠥᠮᠦᠵᠢᠯ ᠦᠢᠯᠡᠳᠣᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂  ᠠᠷᠠᠳ ᠳᠤ ᠠᠰᠢᠭ ᠬᠦᠷᠲᠡᠭᠡᠬᠦ ᠡᠯ᠎ᠡ ᠵᠦᠢᠯ  ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠪᠠ᠃ ᠣᠶᠢᠷ᠎ᠠ ᠳᠤ᠂ ᠠ ᠯᠢ ᠾᠧ ᠪᠠᠯᠭᠠᠰᠤ ᠡᠯ᠎ᠡ ᠲᠣᠰᠬᠤᠨ ᠤ ᠣᠷᠣᠨ ᠰᠠᠭᠤᠴᠠ ᠶᠢ ᠵᠣᠬᠢᠶᠠᠨ ᠪᠠᠶᠢᠭᠤᠯᠵᠤ ᠬᠠᠷᠢᠶᠠᠲᠤ ᠣᠷᠣᠨ ᠤ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡ᠂ ᠡᠷᠦᠬᠡ ᠳᠤ ᠬᠦᠷᠴᠦ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ︽ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ  ᠶᠢᠨ ᠺᠠᠷᠲ ᠲᠠᠷᠬᠠᠭᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠬᠤ︾ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠶᠠᠪᠤᠴᠠ ᠳᠤ᠂ ᠠᠵᠢᠯᠲᠠᠳ ︽ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠺᠠᠷᠲ ︾ ᠢ ᠬᠦᠯᠢᠴᠡᠩᠭᠦᠶ ᠪᠠᠶᠢᠬᠤ ᠪᠠ ᠰᠠᠭᠤᠭᠠᠯᠢ ᠠᠷᠠᠳ ᠣᠯᠠᠨ ᠲᠦᠮᠡᠨ ︽ᠺᠠᠷᠲ︾ ᠢ ᠨᠢᠭᠤᠷᠳᠠᠨ ᠲᠠᠶᠢᠯᠪᠤᠷᠢᠯᠠᠵᠤ᠂ ᠳᠥᠭᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠰᠠᠭᠤᠭᠠᠯᠢ ᠠᠷᠠᠳ ᠣᠯᠠᠨ ᠳᠤ ︽ᠥᠴᠦᠬᠡᠨ ᠴᠦ ᠵᠠᠶ ᠦᠭᠡᠶ︾ ᠦᠢᠯᠡᠴᠢᠯᠡᠵᠦ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠪᠡ᠃    ᠡᠭᠦᠨ ᠤ ᠬᠠᠮᠲᠤ᠂ ᠤᠬᠠᠭᠤᠯᠤᠨ ᠲᠠᠶᠢᠯᠪᠤᠷᠢᠯᠠᠬᠤ ᠶᠢ ᠨᠢᠭᠤᠷᠲᠠᠨ ᠰᠣᠨᠣᠰᠬᠤ ᠪᠠᠷ ᠳᠠᠮᠵᠢᠭᠤᠯᠤᠨ᠂ ᠠᠵᠢᠯᠲᠠᠳ ᠰᠠᠭᠤᠭᠠᠯᠢ ᠠᠷᠠᠳ ᠲᠤ ︽ᠵᠢᠷᠭᠤᠭᠠᠨ ᠦᠭᠡ ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠲᠣᠳᠣᠷᠬᠠᠶ ᠶᠠᠷᠢᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠨ ᠳᠡᠮᠵᠢᠬᠦ ᠶᠢ ᠰᠠᠶᠢᠲᠤᠷ ᠶᠠᠷᠢᠵᠤ᠂ ᠣᠯᠠᠨ ᠳᠤ ᠨᠠᠮ ᠤᠨ ᠲᠥᠪ ᠬᠤᠷᠢᠶ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠠᠯᠠᠮᠵᠢᠯᠠᠨ ᠬᠠᠶᠢᠷᠠᠯᠠᠵᠤ ᠪᠠᠶᠢᠬᠤ ᠶᠢ ᠭᠦᠨᠵᠡᠭᠡᠶ ᠮᠡᠳᠡᠷᠡᠭᠦᠯᠵᠦ᠂ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢᠶᠠᠨ ᠨᠠᠨᠳᠢᠩᠨᠠᠵᠤ᠂ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ᠶᠠᠪᠤᠨ᠎ᠠ᠃ ᠲᠠᠷᠠᠭᠠᠴᠢ ᠶᠢᠨ ᠠᠯᠬᠤᠮ ᠳᠤ᠂ ᠠ ᠯᠢ ᠾᠧ ᠪᠠᠯᠭᠠᠰᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ᠂ ︽ᠵᠢᠷᠭᠤᠭᠠᠨ ᠦᠭᠡ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠪᠠᠲᠤ ᠡᠵᠡᠮᠳᠡᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃   
ᠢᠷᠡᠯᠲᠡ᠄ ᠤᠷᠴᠥᠨ ᠤ ᠦᠪᠡᠷᠳᠡᠭᠡᠨ ᠵᠠᠰᠠᠬᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ