ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠣᠯᠠᠨ ᠤ ᠤᠩᠰᠢᠯᠭ᠎ᠠ ᠶᠢᠨ ᠢᠳᠡᠪᠬᠢᠵᠢᠯ ᠢ ᠨᠡᠮᠡᠭᠳᠡᠭᠦᠯᠦᠨ᠂ | ᠨᠡᠶᠢᠭᠡᠮ ᠲᠣᠭᠤᠷᠢᠭ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠠ ᠯᠢ ᠾᠧ ᠪᠠᠯᠭᠠᠰᠤᠨ ᠤ ᠺᠠᠩ ᠨᠢᠩ | ᠨᠡᠶᠢᠭᠡᠮ ᠲᠣᠭᠤᠷᠢᠭ ︽ᠨᠣᠮ ᠤᠩᠰᠢᠬᠤ ᠶᠢ ᠵᠠᠩ ᠳᠠᠳᠬᠠᠯ ᠪᠣᠯᠭᠠᠵᠤ᠂ ᠬᠥᠮᠦᠨ ᠤ ᠠᠮᠢᠳᠤᠷᠠᠯ ᠢ ᠰᠡᠳᠬᠢᠬᠦ ᠪᠠᠷ ᠭᠤᠤᠯ ᠰᠡᠳᠦᠪ ᠪᠣᠯᠭᠠᠭᠰᠠᠨ ᠨᠣᠮ ᠤᠩᠰᠢᠬᠤ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠠᠵᠢᠯᠲᠠᠳ ᠰᠠᠭᠤᠭᠠᠯᠢ ᠠᠷᠠᠳ ᠲᠤ ᠨᠣᠮ ᠪᠢᠴᠢᠭ ᠢ ᠢᠳᠡᠪᠬᠢᠲᠡᠶ ᠪᠠᠷ ᠲᠠᠨᠢᠯᠴᠠᠭᠤᠯᠬᠤ ᠶᠢᠨ ᠬᠠᠮᠲᠤ | ᠰᠠᠭᠤᠭᠠᠯᠢ ᠠᠷᠠᠳ ᠢ ᠳᠠᠭᠠᠭᠤᠯᠤᠨ ᠨᠠᠷᠢᠨ ᠬᠢᠨᠠᠮᠠᠭᠠᠶ ᠤᠩᠰᠢᠵᠤ᠂ ᠨᠣᠮ ᠪᠢᠴᠢᠭ ᠲᠠᠬᠢ ᠰᠠᠶᠢᠨ ᠦᠭᠡ᠂ ᠰᠠᠶᠢᠨ ᠥᠭᠦᠯᠡᠪᠦᠷᠢ ᠶᠢ ᠲᠡᠭᠦᠵᠦ᠂ ᠰᠠᠭᠤᠭᠠᠯᠢ | ᠠᠷᠠᠳ ᠤᠨ ︽ᠨᠣᠮ ᠤᠩᠰᠢᠬᠤ ᠳᠤᠷᠠᠲᠠᠶ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠶ︾ ᠪᠠᠶᠢᠬᠤ ᠰᠠᠶᠢᠨ ᠰᠠᠶᠢᠬᠠᠨ ᠳᠠᠳᠬᠠᠯ ᠲᠠᠢ | ᠪᠣᠯᠬᠤ ᠶᠢ ᠵᠣᠷᠢᠭᠵᠢᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠭᠠᠷ ᠤᠲᠠᠰᠤ ᠪᠠᠷ ᠨᠣᠮ ᠤᠩᠰᠢᠬᠤ ᠶᠢᠷᠲᠢᠨᠴᠦ ᠳᠤ ᠣᠷᠣᠯᠴᠠᠭᠤᠯᠵᠤ᠂ | ᠨᠣᠮ ᠤᠩᠰᠢᠬᠤ ᠠᠴᠠ ᠪᠣᠯᠤᠭᠰᠠᠨ ᠪᠠᠶᠠᠷ ᠪᠠᠶᠠᠰᠤᠯ ᠢ ᠡᠳ᠋ᠯᠡᠭᠦᠯᠵᠦ᠂ ᠤᠩᠰᠢᠯᠭ᠎ᠠ ᠶᠢ ᠰᠠᠭᠤᠭᠠᠯᠢ ᠠᠷᠠᠳ ᠤᠨ ᠠᠮᠢᠳᠤᠷᠠᠯ ᠤᠨ ᠳᠤᠮᠳᠠᠬᠢ ᠡᠩ ᠤᠨ ᠶᠠᠪᠤᠳᠠᠯ | ᠪᠣᠯᠭᠠᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠰᠠᠭᠤᠭᠠᠯᠢ ᠠᠷᠠᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ ᠪᠠᠰᠠ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠨᠥᠬᠦᠷᠯᠡᠯ ᠢ ᠵᠤᠵᠠᠭᠠᠳᠬᠠᠵᠤ᠂ ᠨᠡᠶᠢᠭᠡᠮ ᠲᠣᠭᠤᠷᠢᠭ ᠬᠢᠭᠡᠳ | ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠣᠶᠢᠷᠠᠲᠤᠭᠤᠯᠵᠠᠶ᠃ ᠳᠠᠷᠠᠭᠠᠴᠢ ᠶᠢᠨ ᠠᠯᠬᠤᠮ ᠳᠤ ᠺᠠᠩ ᠨᠢᠩ ᠨᠡᠶᠢᠭᠡᠮ ᠲᠣᠭᠤᠷᠢᠭ ᠤᠨ ᠬᠢᠨ ᠨᠡᠶᠢᠭᠡᠮ | ᠲᠣᠭᠤᠷᠢᠭ ᠤᠨ ᠰᠣᠶᠣᠯ ᠤᠨ ᠤᠨᠴᠠᠯᠢᠭᠳᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠩᠰᠢᠯᠭ᠎ᠠ ᠶᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ | ᠠᠮᠢᠳᠤᠷᠠᠯ ᠤᠨ ᠠᠷᠭ᠎ᠠ ᠬᠡᠯᠪᠡᠷᠢ ᠪᠠ ᠦᠢᠯᠡ ᠠᠵᠢᠯᠯᠠᠭ᠎ᠠ ᠶᠢᠨ ᠳᠠᠳᠬᠠᠯ ᠪᠣᠯᠭᠠᠵᠤ᠂ ᠰᠠᠭᠤᠭᠠᠯᠢ ᠠᠷᠠᠳ ᠢ ᠬᠠᠪᠰᠤᠷᠤᠨ ᠤᠩᠰᠢᠯᠭ᠎ᠠ ᠶᠢᠨ ᠳᠤᠮᠳᠠ ᠬᠥᠮᠦᠨ ᠤ | ᠠᠮᠢᠳᠤᠷᠠᠯ ᠢ ᠣᠶᠢᠯᠠᠭᠠᠭᠤᠯᠵᠤ᠂ ᠤᠶᠤᠨ ᠤᠬᠠᠭᠠᠨ ᠢ ᠨᠡᠮᠡᠭᠳᠡᠭᠦᠯᠦᠨ᠎ᠡ᠃ | |